ᠮᠠ ᠯᠢ ᠬᠤᠸᠠ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/11/5
       11 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ  ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠬᠤᠷᠠᠯ ᠳᠤ ᠣᠷᠣᠯᠴᠠᠵᠠᠶ᠃
C:\Users\Administrator\Desktop\1_副本.jpg
    ᠬᠤᠷᠠᠯ ᠠᠴᠠ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠣᠳᠣᠬᠢ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠭᠠᠵᠠᠷ ᠣᠷᠣᠨ ᠤ ᠬᠠᠷᠢᠭᠤᠴᠠᠯᠭᠠᠲᠠᠨ ᠲᠣᠰ ᠲᠣᠰ ᠤᠨ ᠬᠦᠷᠢᠶ᠎ᠡ ᠴᠠᠷᠠᠭ᠎ᠠ᠂ ᠭᠠᠵᠠᠷ ᠣᠷᠣᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃    ᠮᠠ ᠯᠢ ᠬᠤᠸᠠ ᠠᠴᠠ᠂ ᠴᠠᠬᠢᠯᠭᠠᠨ ᠬᠦᠴᠦᠨ ᠪᠣᠯ ᠠᠵᠤ ᠠᠬᠤᠢ ᠶᠢᠨ ᠬᠥᠭᠵᠢᠯᠲᠡ ᠶᠢᠨ ︽ᠤᠷᠢᠳ ᠢᠶᠠᠷ ᠬᠡᠷᠡᠭᠵᠢᠭᠦᠯᠬᠦ ᠨᠣᠶᠠᠨ︾ ᠮᠥᠨ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃
 C:\Users\Administrator\Desktop\2_副本.jpg
   ᠮᠠ ᠯᠢ ᠬᠤᠸᠠ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠢᠷᠡᠭᠡᠳᠦᠶ ᠶᠢ ᠪᠣᠳᠣᠯᠬᠢᠯᠠᠵᠤ᠂ ᠴᠠᠬᠢᠯᠭᠠᠨ ᠬᠦᠴᠦᠨ ᠤ ᠲᠥᠷᠥᠯ ᠵᠦᠢᠯ ᠤᠨ ᠲᠥᠯᠥᠪᠵᠢᠭᠦᠯᠭᠡ ᠪᠠ ᠨᠥᠭᠡᠴᠡ ᠶᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠥᠷᠥᠯ ᠵᠦᠢᠯ ᠤᠨ ᠲᠦᠷᠭᠡᠬᠡᠨ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠵᠤ᠂ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠲᠦᠷᠭᠡᠬᠡᠨ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号