ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/6
    ᠪᠥᠬᠦ ᠬᠤᠰᠢᠭᠤᠨ ᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠵᠢᠷᠤᠮᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠥᠷᠭᠡᠨ ᠣᠯᠠᠨ ᠬᠡᠷᠡᠭᠯᠡᠭᠴᠢᠳ ᠲᠤ ᠬᠦᠷᠲᠡᠭᠡᠬᠦ ᠶᠢ ᠦᠨᠡᠨᠬᠦ ᠪᠠᠲᠤᠯᠠᠪᠠ᠃ 11 ᠰᠠᠷ᠎ᠠ ᠶᠢᠨ 4 ᠤ ᠡᠳᠦᠷ᠂ ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠠᠵᠢᠯᠲᠠᠳ ᠬᠤᠰᠢᠭᠤᠨ ᠤ ᠳᠣᠲᠣᠷᠠᠬᠢ 3 ᠬᠡᠷ ᠤᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠵᠤ ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃    ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠲᠤᠬᠠᠶ ᠶᠢᠨ ᠲᠠᠯᠠᠪᠠᠶ ᠳᠤ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠠᠵᠢᠯᠯᠠᠭ᠎ᠠ ᠥᠷᠨᠢᠭᠦᠯᠦᠭᠰᠡᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ᠂ ᠦᠢᠯᠡᠳᠬᠦᠨ ᠪᠣᠷᠣᠯᠠᠭᠤᠯᠤᠭᠰᠠᠨ ᠪᠠ ᠬᠠᠷᠠᠭᠠᠯᠵᠠᠯ ᠦᠵᠡᠭᠦᠯᠦᠨ ᠳᠠᠪᠬᠤᠴᠠᠭᠰᠠᠨ ᠵᠡᠷᠭᠡ ᠪᠠᠶᠢᠳᠠᠯ ᠢ ᠵᠢᠯᠣᠭᠤᠳᠴᠤ᠂ ᠠᠵᠤ ᠠᠬᠤᠶᠢᠯᠠᠯ ᠤᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠲᠤᠬᠠᠶ ᠰᠠᠨᠠᠯ ᠵᠢᠴᠢ ᠰᠠᠨᠠᠭᠤᠯᠭ᠎ᠠ ᠶᠢ ᠰᠣᠨᠣᠰᠤᠭᠰᠠᠨ ᠪᠥᠭᠡᠳ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠭᠰᠠᠨ ᠠᠵᠤ ᠠᠬᠤᠶᠢᠯᠠᠯ ᠳᠤ ᠬᠠᠮᠢᠶ᠎ᠠ ᠪᠥᠬᠦᠶ ᠱᠠᠭᠠᠷᠳᠠᠯᠭ᠎ᠠ ᠳᠤᠷᠠᠳᠪᠠ᠃ ᠨᠢᠭᠡ ᠲᠠᠯ᠎ᠠ ᠪᠠᠷ ᠠᠵᠤ ᠠᠬᠤᠶᠢᠯᠠᠯ ᠤᠳ ᠳᠣᠲᠣᠭᠠᠳᠤ ᠶᠢᠨ ᠪᠣᠯᠪᠠᠰᠤᠷᠠᠭᠤᠯᠤᠯ ᠪᠠ ᠭᠠᠳᠠᠭᠠᠳᠤ ᠲᠠᠯ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠠᠵᠢᠯᠲᠠᠨ ᠠᠵᠢᠯᠴᠢᠨ ᠪᠠ ᠵᠣᠴᠢᠳ ᠲᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠬᠠᠭᠤᠯᠤᠨ ᠲᠠᠶᠢᠯᠪᠤᠷᠢᠯᠠᠵᠤ᠂ ᠬᠡᠷᠡᠭᠯᠡᠭᠴᠢᠳ ᠲᠤ ᠬᠠᠪᠰᠤᠷᠤᠨ ᠬᠡᠷᠡᠭᠯᠡᠭᠡᠨ ᠤ ᠲᠡᠮᠳᠡᠭᠲᠦ ᠶᠢ ᠠᠪᠴᠤ ᠬᠡᠷᠡᠭᠯᠡᠬᠦ ᠴᠤᠪᠤᠷᠠᠯ ᠢ ᠣᠶᠢᠯᠠᠭᠠᠭᠤᠯᠵᠤ᠂ ᠨᠥᠬᠦᠪᠥᠷᠢ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠬᠡᠷᠡᠭᠲᠡᠶ︔ ᠨᠥᠭᠦᠭᠡ ᠲᠠᠯ᠎ᠠ ᠪᠠᠷ ᠤᠯᠠᠭᠠᠨᠬᠠᠳᠠ ᠬᠤᠲᠠ ᠶᠢᠨ ᠬᠡᠷ ᠤᠨ ᠴᠠᠬᠢᠯᠭᠠᠨ ᠬᠡᠷᠡᠭᠰᠡᠯ  ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢ ᠬᠡᠷᠡᠭᠵᠢᠭᠦᠯᠬᠦ ᠨᠠᠷᠢᠨ ᠲᠦᠷᠢᠮ ᠤᠨ ᠱᠠᠭᠠᠷᠳᠠᠯᠭ᠎ᠠ ᠶᠣᠰᠣᠭᠠᠷ ᠬᠠᠭᠤᠴᠢᠨ ᠢ ᠬᠤᠷᠢᠶᠠᠬᠤ ᠭᠡᠷᠡᠴᠢ ᠪᠠᠷᠢᠮᠲᠠ ᠪᠠ ᠪᠣᠷᠣᠯᠠᠭᠤᠯᠬᠤ ᠡᠬᠡ ᠲᠠᠩᠰᠠ ᠶᠢ ᠪᠠᠶᠢᠭᠤᠯᠵᠤ᠂ ᠬᠡᠷᠡᠭᠯᠡᠭᠴᠢᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢᠨ ᠬᠠᠷᠢᠭᠤ ᠲᠤᠰᠬᠠᠯ ᠢ ᠰᠠᠶᠢᠲᠤᠷ ᠬᠢᠵᠦ᠂ ᠬᠡᠷ ᠤᠨ ᠴᠠᠬᠢᠯᠭᠠᠨ ᠬᠡᠷᠡᠭᠰᠡᠯ  ᠤᠨ ᠬᠠᠭᠤᠴᠢᠨ ᠢᠶᠠᠷ ᠰᠢᠨ᠎ᠡ ᠶᠢ ᠰᠣᠯᠢᠬᠤ ᠴᠤᠪᠤᠷᠠᠯ ᠢ ᠵᠢᠷᠤᠮᠵᠢᠭᠤᠯᠬᠤ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠦᠷᠭᠦᠯᠵᠢᠯᠡᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号