ᠥᠷᠭᠡᠨ ᠣᠯᠠᠨ ᠲᠠᠷᠢᠶᠠᠴᠢᠨ ᠨᠠᠶᠢᠵᠠ ᠨᠠᠷ ᠡ᠄ | 2024 ᠣᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠨᠢᠭᠡᠨᠲᠡ ᠡᠬᠢᠯᠡᠵᠦ᠂ ᠥᠷᠭᠡᠨ ᠣᠯᠠᠨ | ᠲᠠᠷᠢᠶᠠᠴᠢᠨ ᠨᠠᠶᠢᠵᠠ ᠨᠠᠷ ᠤᠨ ᠠᠰᠢᠭ ᠲᠤᠰᠠ ᠶᠢ ᠬᠠᠮᠠᠭᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠂ | ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠶᠢᠨ ᠲᠥᠯᠥᠭᠡ᠂ ᠣᠨᠴᠠᠭᠠᠶᠢᠯᠠᠨ ᠳᠣᠣᠷᠠᠬᠢ ᠮᠡᠲᠦ ᠰᠠᠨᠠᠯ ᠳᠤᠷᠠᠳᠪᠠ᠄ | ᠨᠢᠭᠡ᠂ ︽ᠠᠮᠤ ᠪᠤᠳᠠᠭ᠎ᠠ ᠶᠢᠨ ᠭᠠᠵᠠᠷ ᠲᠤ ᠦᠯᠡᠳᠡᠬᠦ︾ ᠦᠵᠡᠭᠳᠡᠯ ᠢ ᠲᠠᠰᠤ ᠵᠣᠭᠰᠣᠭᠠᠵᠤ᠂ ᠰᠢᠨᠵᠢᠯᠡᠬᠦ | ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠦᠵᠡᠯ ᠤᠬᠠᠮᠰᠠᠷ ᠢ ᠪᠣᠶ ᠪᠣᠯᠭᠠᠬᠤ ᠬᠡᠷᠡᠭᠲᠡᠶ᠃ ︽ᠠᠮᠤ ᠪᠤᠳᠠᠭ᠎ᠠ | ᠶᠢᠨ ᠭᠠᠵᠠᠷ ᠲᠤ ᠦᠯᠡᠳᠡᠬᠦ︾ ᠪᠣᠯ ᠡᠷᠳᠡᠨᠢ ᠰᠢᠰᠢ ᠶᠢ ᠬᠤᠷᠢᠶᠠᠭᠰᠠᠨ ᠤ ᠳᠠᠷᠠᠭ᠎ᠠ ᠰᠢᠭᠤᠳ ᠲᠠᠷᠢᠶᠠᠨ ᠭᠠᠵᠠᠷ | ᠳᠡᠭᠡᠷ᠎ᠡ ᠣᠪᠣᠭᠠᠯᠠᠵᠤ᠂ ᠶᠠᠮᠠᠷᠪᠠ ᠰᠢᠢᠳᠪᠦᠷᠢᠯᠡᠬᠦ ᠪᠤᠶᠤ ᠬᠠᠳᠠᠭᠠᠯᠠᠬᠤ ᠠᠷᠭ᠎ᠠ ᠬᠡᠮᠵᠢᠶ᠎ᠡ ᠠᠪᠤᠭᠰᠠᠨ ᠥᠬᠡᠶ ᠠᠮᠤ | ᠪᠤᠳᠠᠭ᠎ᠠ ᠶᠢ ᠵᠢᠭᠠᠵᠤ ᠪᠣᠶ᠂ ᠡᠶᠢᠮᠦᠷᠬᠦ ᠠᠷᠭ᠎ᠠ ᠮᠠᠶ᠋ᠢᠭ ᠨᠢ ᠠᠮᠠᠷᠬᠠᠨ ᠡᠷᠳᠡᠨᠢ ᠰᠢᠰᠢ ᠴᠢᠬᠢᠭᠳᠡᠵᠦ᠂ ᠸᠠᠯᠠᠬᠤ᠂ | ᠬᠤᠷᠣᠬᠠᠶ ᠶᠢ ᠠᠮᠠᠷᠬᠠᠨ ᠪᠣᠶ ᠪᠣᠯᠭᠠᠵᠤ᠂ ᠠᠮᠤ ᠪᠤᠳᠠᠭᠠᠨ ᠤ ᠬᠤᠷᠣᠭᠳᠠᠯ ᠢ ᠬᠦᠨᠳᠦ ᠨᠣᠴᠢᠲᠠᠶ ᠪᠣᠯᠭᠠᠵᠤ᠂ ᠶᠠᠰᠤ | ᠴᠢᠨᠠᠷ ᠢ ᠪᠠᠭᠤᠷᠠᠭᠤᠯᠵᠤ᠂ ᠠᠮᠤ ᠪᠤᠳᠠᠭᠠᠨ ᠤ ᠡᠬᠢ ᠪᠠᠶᠠᠯᠢᠭ ᠢ ᠪᠦᠷᠢᠯᠭᠡᠨᠡ᠂ ᠠᠮᠤ ᠪᠤᠳᠠᠭ᠎ᠠ ᠬᠤᠳᠠᠯᠳᠤᠬᠤ | ᠣᠷᠣᠯᠭ᠎ᠠ ᠶᠢ ᠰᠢᠭᠤᠳ ᠨᠥᠯᠥᠭᠡᠯᠡᠬᠦ ᠶᠢ ᠵᠢᠭᠠᠵᠤ ᠪᠠᠶᠢᠨ᠎ᠠ᠃ ︽ᠠᠮᠤ ᠪᠤᠳᠠᠭ᠎ᠠ ᠶᠢᠨ ᠭᠠᠵᠠᠷ ᠲᠤ ᠦᠯᠡᠳᠡᠬᠦ︾ ᠶᠢ | ᠡᠷᠡᠰ ᠬᠤᠷᠢᠭᠯᠠᠬᠤ ᠶᠢᠨ ᠲᠥᠯᠥᠭᠡ᠂ ᠥᠷᠭᠡᠨ ᠣᠯᠠᠨ ᠲᠠᠷᠢᠶᠠᠴᠢᠨ ᠨᠠᠶᠢᠵᠠ ᠨᠠᠷ ᠬᠠᠳᠠᠭᠠᠯᠠᠬᠤ ᠨᠥᠬᠦᠴᠡᠯ ᠪᠠ | ᠠᠷᠭ᠎ᠠ ᠪᠠᠨ ᠰᠠᠶᠢᠵᠢᠷᠠᠭᠤᠯᠵᠤ᠂ ᠠᠯᠢ ᠴᠢᠳᠠᠬᠤ ᠪᠠᠷ ᠭᠠᠵᠠᠷ ᠠᠴᠠ ᠰᠠᠯᠤᠨ ᠬᠠᠳᠠᠭᠠᠯᠠᠬᠤ᠂ ᠪᠣᠰᠤᠭ᠎ᠠ ᠴᠣᠭᠴᠠ ᠪᠠᠷ | ᠬᠠᠳᠠᠭᠠᠯᠠᠬᠤ ᠠᠷᠭ᠎ᠠ ᠮᠠᠶ᠋ᠢᠭ ᠢ ᠠᠪᠴᠤ᠂ ᠵᠢᠱᠢᠶᠡᠯᠡᠪᠡᠯ ︽ ᠮᠦᠷ ᠢᠶᠠᠷ ᠳᠡᠯᠭᠡᠬᠦ︾᠂ ︽ ᠲᠣᠣᠷ ᠲᠤ ᠬᠠᠳᠠᠭᠠᠯᠠᠬᠤ︾ | ᠵᠡᠷᠭᠡ ᠪᠠᠶᠢᠵᠤ᠂ ᠡᠷᠳᠡᠨᠢ ᠰᠢᠰᠢ ᠨᠢ ᠭᠠᠵᠠᠷ ᠤᠨ ᠭᠠᠳᠠᠷᠭᠤ ᠲᠠᠢ ᠰᠢᠭᠤᠳ ᠣᠶᠢᠷᠠᠳᠬᠤ ᠠᠴᠠ ᠵᠠᠶᠢᠯᠠᠰᠬᠢᠵᠦ᠂ | ᠴᠢᠬᠢᠭᠳᠦᠬᠦ ᠪᠠ ᠸᠠᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃ | ᠬᠤᠶᠠᠷ᠂ ᠠᠳᠡᠯ ᠭᠠᠷᠬᠤ ᠶᠢ ᠰᠡᠷᠭᠡᠶᠢᠯᠡᠵᠦ᠂ ᠦᠢᠯᠡᠳᠪᠦᠷᠢᠯᠡᠯ ᠤᠨ ᠠᠶᠤᠯᠭᠦᠢ ᠶᠢᠨ ᠦᠵᠡᠯ ᠤᠬᠠᠮᠰᠠᠷ ᠢ | ᠪᠠᠲᠤ ᠪᠠᠬᠢ ᠪᠣᠶ ᠪᠣᠯᠭᠠᠬᠤ ᠬᠡᠷᠡᠭᠲᠡᠶ᠃ ᠨᠠᠮᠤᠷ ᠤᠨ ᠠᠮᠤ ᠪᠤᠳᠠᠭ᠎ᠠ ᠶᠢ ᠬᠠᠳᠤᠵᠤ ᠬᠤᠷᠢᠶᠠᠬᠤ᠂ ᠪᠠᠶᠢᠭᠤᠯᠬᠤ᠂ | ᠬᠥᠮᠥᠷᠭᠡᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠪᠦᠬᠦ ᠶᠠᠪᠤᠴᠠ ᠳᠤ ᠮᠠᠰᠢᠨ ᠮᠧᠬᠠᠨᠢᠭ ᠢ ᠠᠵᠢᠯᠯᠠᠭᠤᠯᠬᠤ ᠳᠦᠷᠢᠮ ᠢ | ᠴᠢᠩᠭ᠎ᠠ ᠵᠢᠷᠤᠮᠯᠠᠨ᠂ ᠮᠠᠰᠢᠨ ᠮᠧᠬᠠᠨᠢᠭ ᠠᠴᠠ ᠭᠡᠮᠲᠦᠭᠡᠬᠦ᠂ ᠵᠠᠮ ᠬᠠᠷᠢᠯᠴᠠᠭᠠᠨ ᠤ ᠠᠳᠡᠯ᠂ ᠥᠨᠳᠥᠷ ᠭᠠᠵᠠᠷ ᠠᠴᠠ | ᠤᠨᠠᠬᠤ ᠵᠡᠷᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠬᠥᠮᠦᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ︽ᠰᠤᠯᠠ ᠪᠠᠷᠢᠮᠳᠠ ᠥᠭᠬᠦ︾ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠡᠷᠬᠡ ᠪᠠᠨ | ᠬᠠᠮᠠᠭᠠᠯᠠᠬᠤ ᠦᠵᠡᠯ ᠤᠬᠠᠮᠰᠠᠷ ᠢᠶᠠᠨ ᠴᠢᠩᠭᠠᠷᠠᠭᠤᠯᠬᠤ ᠬᠡᠷᠡᠭᠲᠡᠢ᠃ ᠥᠷᠭᠡᠨ ᠣᠯᠠᠨ ᠲᠠᠷᠢᠶᠠᠴᠢᠨ ᠨᠠᠶᠢᠵᠠ ᠨᠠᠷ | ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠠᠮᠤ ᠪᠤᠳᠠᠭ᠎ᠠ ᠶᠢᠨ ᠬᠠᠷᠠᠭᠠᠯᠵᠠᠭᠰᠠᠨ ᠦᠨ᠎ᠡ ᠬᠠᠩᠰᠢ ᠶᠢ | ᠲᠣᠬᠢᠷᠠᠮᠵᠢᠲᠠᠢ ᠪᠠᠶᠢᠯᠭᠠᠵᠤ᠂ ᠠᠮᠤ ᠪᠤᠳᠠᠭ᠎ᠠ ᠬᠤᠳᠠᠯᠳᠤᠬᠤ ᠴᠠᠭ ᠲᠣᠬᠢᠶᠠᠯ ᠢ ᠡᠵᠡᠮᠳᠡᠬᠦ ᠬᠡᠷᠡᠭᠲᠡᠶ᠃ ᠠᠮᠤ ᠪᠤᠳᠠᠭ᠎ᠠ | ᠬᠤᠳᠠᠯᠳᠤᠬᠤ ᠳᠤ ︽ᠨᠢᠭᠡ ᠲᠠᠯ᠎ᠠ ᠶᠢᠨ ᠠᠮᠤ ᠪᠤᠳᠠᠭ᠎ᠠ ᠨᠢᠭᠡ ᠲᠠᠯ᠎ᠠ ᠶᠢᠨ ᠵᠣᠭᠤᠰ︾ ᠪᠠᠶᠢᠬᠤ ᠶᠢ ᠪᠠᠲᠤᠯᠠᠬᠤ | ᠬᠡᠷᠡᠭᠲᠡᠶ᠃ ᠠᠮᠤ ᠪᠤᠳᠠᠭ᠎ᠠ ᠬᠤᠳᠠᠯᠳᠤᠬᠤ ᠶᠠᠪᠤᠴᠠ ᠳᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ | ᠲᠣᠭᠲᠠᠭᠠᠯ ᠶᠣᠰᠣᠭᠠᠷ ᠠᠮᠤ ᠪᠤᠳᠠᠭ᠎ᠠ ᠬᠤᠳᠠᠯᠳᠤᠨ ᠠᠪᠬᠤ ᠦᠨ᠎ᠡ ᠬᠠᠩᠰᠢ ᠶᠢ ᠵᠠᠷᠯᠠᠨ ᠨᠡᠶᠢᠲᠡᠯᠡᠭᠰᠡᠨ ᠦᠭᠡᠢ᠂ | ᠠᠮᠤ ᠪᠤᠳᠠᠭ᠎ᠠ ᠬᠤᠳᠠᠯᠳᠤᠨ ᠠᠪᠬᠤ ᠳᠤ ᠳᠡᠰ ᠪᠠᠭᠤᠷᠠᠭᠤᠯᠤᠨ ᠦᠨ᠎ᠡ ᠬᠠᠩᠰᠢ ᠶᠢ ᠳᠠᠷᠤᠵᠤ᠂ ︽ᠰᠤᠯᠠ ᠪᠠᠷᠢᠮᠲᠠ | ᠥᠭᠬᠦ︾᠂ ᠠᠮᠤ ᠪᠤᠳᠠᠭ᠎ᠠ ᠬᠤᠳᠠᠯᠳᠤᠬᠤ ᠵᠣᠭᠤᠰ ᠢ ᠴᠠᠭ ᠲᠤᠬᠠᠶ ᠳᠤᠨᠢ ᠥᠭᠬᠦ ᠦᠭᠡᠢ ᠵᠡᠷᠭᠡ ᠲᠠᠷᠢᠶᠠᠴᠢᠳ ᠲᠤ | ᠬᠤᠣᠷ ᠬᠥᠨᠥᠭᠡᠯ ᠤᠴᠠᠷᠠᠭᠤᠯᠬᠤ᠂ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠪᠠ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠣᠯᠵᠤ | ᠮᠡᠳᠡᠪᠡᠯ᠂ ᠪᠦᠬᠦ ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ 12325 | ᠤᠲᠠᠰᠤ ᠶᠢ ᠤᠲᠠᠰᠤᠳᠠᠵᠤ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ᠃ |