| ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠬᠡᠷᠡᠭᠯᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠤᠨ | ᠬᠡᠮᠵᠢᠶ᠎ᠡ ᠶᠢᠨ ᠣᠨᠣᠪᠴᠢᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ | ᠂ ᠣᠶᠢᠷ᠎ᠠ ᠳᠤ᠂ ᠤᠯᠠᠭᠠᠨᠬᠠᠳᠠ ᠬᠤᠲᠠ ᠶᠢᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠵᠤ ᠪᠠᠶᠢᠴᠠᠭᠠᠨ | ᠬᠡᠮᠵᠢᠬᠦ ᠲᠥᠪ ᠠᠴᠠ ᠠᠤᠬᠠᠨ ᠬᠤᠰᠢᠭᠤᠨ ᠳᠤ ᠢᠷᠡᠵᠦ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ | ᠬᠠᠷᠭᠤᠭᠤᠯᠬᠤ ᠠᠵᠢᠯ ᠥᠷᠨᠢᠭᠦᠯᠪᠡ᠃ | ᠤᠯᠠᠭᠠᠨᠬᠠᠳᠠ ᠬᠤᠲᠠ ᠶᠢᠨ ᠪᠠᠶᠢᠴᠠᠭᠠᠨ ᠰᠢᠯᠭᠠᠬᠤ ᠲᠥᠪ ᠤᠨ ᠡᠷᠬᠢᠯᠡᠭᠴᠢ ᠯᠢᠦ ᠳ᠋ᠠ ᠸᠧᠶ ᠮᠡᠷᠭᠡᠵᠢᠯ ᠤᠨ | ᠠᠵᠢᠯᠲᠠᠨ ᠢᠶᠠᠨ ᠳᠠᠭᠠᠭᠤᠯᠤᠨ ᠠᠤᠬᠠᠨ ᠬᠤᠰᠢᠭᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠵᠦ ᠪᠠᠶᠢᠭ᠎ᠠ | ᠡᠮᠴᠢᠯᠡᠭᠡᠨ ᠤ ᠪᠠᠭᠠᠵᠢ ᠬᠡᠷᠡᠭᠰᠡᠯ ᠢ ᠪᠠᠶᠢᠴᠠᠭᠠᠨ ᠲᠣᠭᠲᠠᠭᠠᠵᠤ ᠬᠠᠷᠭᠤᠭᠤᠯᠬᠤ ᠠᠵᠢᠯ ᠢ ᠥᠷᠨᠢᠭᠦᠯᠪᠡ᠃ ᠲᠣᠰ | ᠤᠳᠠᠭᠠᠨ ᠤ ᠰᠢᠯᠭᠠᠨ ᠪᠠᠶᠢᠴᠠᠭᠠᠵᠤ ᠬᠠᠷᠭᠤᠭᠤᠯᠬᠤ ᠠᠵᠢᠯ ᠤᠨ ᠤᠯᠠᠭᠠᠨᠬᠠᠳᠠ ᠬᠤᠲᠠ ᠶᠢᠨ ᠰᠢᠯᠭᠠᠨ ᠪᠠᠶᠢᠴᠠᠭᠠᠬᠤ | ᠲᠥᠪ ᠨᠢ ᠬᠡᠮᠵᠢᠭᠦᠷᠯᠢᠭ ᠤᠨ ᠡᠷᠬᠡ ᠣᠯᠭᠤᠭᠰᠠᠨ ᠲᠥᠷᠥᠯ ᠵᠦᠢᠯ ᠤᠨ ᠬᠡᠪᠴᠢᠶ᠎ᠡ ᠶᠢ ᠦᠨᠳᠦᠰᠦᠯᠡᠨ᠂ ᠭᠤᠤᠯᠳᠠᠭᠤ | ᠠᠤᠬᠠᠨ ᠬᠤᠰᠢᠭᠤᠨ ᠤ ᠬᠢᠯᠢ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠳᠤ ᠠᠯᠪᠠᠨ ᠠᠴᠠ ᠪᠠᠶᠢᠭᠤᠯᠤᠭᠰᠠᠨ ᠪᠠ | ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠵᠢᠴᠢ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠶᠢ ᠬᠡᠷᠡᠭᠯᠡᠵᠦ | ᠪᠠᠶᠢᠭ᠎ᠠ ᠵᠢᠷᠦᠬᠡ ︵ᠲᠠᠷᠢᠬᠢ︶ ᠶᠢᠨ ᠴᠠᠬᠢᠯᠭᠠᠨ ᠵᠢᠷᠤᠭ᠂ ᠣᠯᠠᠨ ᠪᠣᠯᠵᠣᠯᠲᠤ ᠲᠤᠭ᠎ᠠ ᠶᠢ ᠬᠢᠨᠠᠨ ᠬᠠᠮᠠᠭᠠᠯᠠᠬᠤ ᠮᠠᠰᠢᠨ | ᠂ ᠪᠤᠳᠤᠭᠲᠤ ᠬᠡᠲᠦ ᠳᠡᠯᠭᠡᠭᠦᠷ᠂ CT ᠮᠠᠰᠢᠨ᠂ ᠴᠥᠮ᠎ᠡ ᠶᠢᠨ ᠰᠣᠷᠢᠨᠵᠢᠨ᠂ Dr ᠵᠢᠴᠢ ᠵᠠᠳᠠᠯᠬᠤ ᠪᠠᠭᠠᠵᠢ ᠵᠡᠷᠭᠡ | ᠬᠡᠮᠵᠢᠭᠦᠷᠯᠢᠭ ᠲᠥᠬᠦᠭᠡᠷᠦᠮᠵᠢ ᠶᠢ ᠪᠠᠭᠲᠠᠭᠠᠭᠰᠠᠨ ᠲᠤᠬᠠᠶ ᠶᠢᠨ ᠲᠠᠯᠠᠪᠤᠷ ᠤᠨ ᠰᠢᠯᠭᠠᠨ ᠪᠠᠶᠢᠴᠠᠭᠠᠯᠲᠠ ᠬᠢᠪᠠ᠃ | ᠰᠢᠯᠭᠠᠨ ᠲᠣᠭᠲᠠᠭᠠᠬᠤ ᠶᠠᠪᠤᠴᠠ ᠳᠤ ᠰᠢᠯᠭᠠᠨ ᠲᠣᠭᠲᠠᠭᠠᠬᠤ ᠠᠵᠢᠯᠲᠠᠳ ᠵᠣᠬᠢᠴᠠᠩᠭᠤᠶ ᠬᠡᠮᠵᠢᠯᠲᠡ ᠶᠢᠨ ᠰᠢᠯᠭᠠᠨ | ᠲᠣᠭᠲᠠᠭᠠᠬᠤ ᠲᠦᠷᠢᠮ ᠢ ᠦᠨᠳᠦᠰᠦᠯᠡᠨ ᠪᠠᠭᠠᠵᠢ ᠬᠡᠷᠡᠭᠰᠡᠯ ᠤᠨ ᠴᠢᠳᠠᠮᠵᠢ ᠳᠤ ᠪᠥᠬᠦ ᠲᠠᠯ᠎ᠠ ᠶᠢᠨ ᠰᠢᠯᠭᠠᠨ | ᠪᠠᠶᠢᠴᠠᠭᠠᠯᠲᠠ ᠬᠢᠪᠡ ᠃ | ᠲᠣᠰ ᠤᠳᠠᠭᠠᠨ ᠤ ᠤᠯᠠᠭᠠᠨᠬᠠᠳᠠ ᠬᠤᠲᠠ ᠶᠢᠨ ᠰᠢᠯᠭᠠᠨ ᠪᠠᠶᠢᠴᠠᠭᠠᠬᠤ ᠲᠥᠪ ᠠᠴᠠ ᠨᠡᠶᠢᠲᠡ 340 ᠭᠠᠷᠤᠶ | ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠪᠠᠭᠠᠵᠢ | ᠬᠡᠷᠡᠭᠰᠡᠯ ᠳᠤ ᠰᠢᠯᠭᠠᠨ ᠲᠣᠭᠲᠠᠭᠠᠭᠰᠠᠨ ᠦᠨᠡᠮᠯᠡᠯ ᠣᠯᠭᠤᠵᠤ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ | ᠣᠯᠠᠨ ᠪᠣᠯᠵᠣᠯᠲᠤ ᠲᠤᠭ᠎ᠠ ᠶᠢ ᠨᠢᠭᠡᠨᠲᠡ ᠲᠡᠷᠡ ᠳᠠᠷᠤᠶ ᠳᠤᠨᠢ ᠵᠠᠷᠯᠢᠭᠳᠠᠨ ᠬᠡᠷᠡᠭᠯᠡᠬᠦ ᠶᠢ ᠵᠣᠭᠰᠣᠭᠠᠵᠤ᠂ ᠪᠠᠭᠠᠵᠢ | ᠬᠡᠷᠡᠭᠰᠡᠯ ᠢ ᠬᠡᠷᠡᠭᠯᠡᠬᠦ ᠨᠢᠭᠡᠴᠡ ᠶᠢ ᠰᠠᠨᠠᠭᠠᠴᠢᠯᠠᠭ᠎ᠠ ᠠᠴᠠ ᠪᠠᠨ ᠰᠡᠯᠪᠢᠨ ᠵᠠᠰᠠᠬᠤ ᠪᠤᠶᠤ ᠰᠣᠯᠢᠬᠤ ᠶᠢ ᠱᠠᠭᠠᠷᠳᠠᠪᠠ᠃ | ᠲᠣᠰ ᠤᠳᠠᠭᠠᠨ ᠤ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠢᠶᠠᠷ | ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢᠲᠤ ᠴᠢᠨᠠᠷ ᠪᠠ | ᠨᠠᠶᠢᠳᠠᠪᠤᠷᠢᠲᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠡᠮᠴᠢᠯᠡᠭᠡᠨ ᠤ ᠣᠨᠣᠰᠢᠯᠠᠯᠲᠠ ᠪᠠ ᠡᠮᠴᠢᠯᠡᠭᠡ ᠳᠤ | ᠬᠦᠴᠦᠲᠡᠶ ᠮᠡᠷᠭᠡᠵᠢᠯ ᠤᠨ ᠳᠡᠮᠵᠢᠯᠭᠡ ᠬᠠᠩᠭᠠᠭᠰᠠᠨ ᠪᠠᠶᠢᠨ᠎ᠠ᠃ ᠡᠭᠦᠨ ᠤ ᠬᠠᠮᠲᠤ ᠪᠠᠰᠠ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢ ᠪᠠᠭᠠᠵᠢ ᠬᠡᠷᠡᠭᠰᠡᠯ ᠤᠨ ᠬᠠᠮᠢᠶᠠᠷᠤᠯᠲᠠ ᠪᠠᠨ ᠴᠢᠩᠭᠠᠳᠬᠠᠵᠤ᠂ | ᠥᠷᠭᠡᠨ ᠣᠯᠠᠨ ᠡᠪᠡᠳᠴᠢᠲᠡᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ |