ᠤᠯᠠᠭᠠᠨᠬᠠᠳᠠ ᠬᠤᠲᠠ ᠶᠢᠨ ᠪᠠᠶᠢᠴᠠᠭᠠᠨ ᠰᠢᠯᠭᠠᠬᠤ ᠲᠥᠪ ᠨᠢ ᠠᠤᠬᠠᠨ ᠬᠤᠰᠢᠭᠤᠨ ᠳᠤ ᠢᠷᠡᠵᠦ ᠡᠮᠴᠢᠯᠡᠭᠡᠨ ᠤ ᠪᠠᠭᠠᠵᠢ ᠬᠡᠷᠡᠭᠰᠡᠯ ᠢ ᠪᠠᠶᠢᠴᠠᠭᠠᠨ ᠲᠣᠭᠲᠠᠭᠠᠵᠤ ᠬᠠᠷᠭᠤᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/12/10
    ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠬᠡᠷᠡᠭᠯᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠮᠵᠢᠶ᠎ᠡ ᠶᠢᠨ ᠣᠨᠣᠪᠴᠢᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ ᠂ ᠣᠶᠢᠷ᠎ᠠ ᠳᠤ᠂ ᠤᠯᠠᠭᠠᠨᠬᠠᠳᠠ ᠬᠤᠲᠠ ᠶᠢᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠠᠴᠠ ᠠᠤᠬᠠᠨ ᠬᠤᠰᠢᠭᠤᠨ ᠳᠤ ᠢᠷᠡᠵᠦ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠥᠷᠨᠢᠭᠦᠯᠪᠡ᠃    ᠤᠯᠠᠭᠠᠨᠬᠠᠳᠠ ᠬᠤᠲᠠ ᠶᠢᠨ ᠪᠠᠶᠢᠴᠠᠭᠠᠨ ᠰᠢᠯᠭᠠᠬᠤ ᠲᠥᠪ ᠤᠨ ᠡᠷᠬᠢᠯᠡᠭᠴᠢ ᠯᠢᠦ ᠳ᠋ᠠ ᠸᠧᠶ ᠮᠡᠷᠭᠡᠵᠢᠯ ᠤᠨ ᠠᠵᠢᠯᠲᠠᠨ ᠢᠶᠠᠨ ᠳᠠᠭᠠᠭᠤᠯᠤᠨ ᠠᠤᠬᠠᠨ ᠬᠤᠰᠢᠭᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠵᠦ ᠪᠠᠶᠢᠭ᠎ᠠ ᠡᠮᠴᠢᠯᠡᠭᠡᠨ ᠤ ᠪᠠᠭᠠᠵᠢ ᠬᠡᠷᠡᠭᠰᠡᠯ ᠢ ᠪᠠᠶᠢᠴᠠᠭᠠᠨ ᠲᠣᠭᠲᠠᠭᠠᠵᠤ ᠬᠠᠷᠭᠤᠭᠤᠯᠬᠤ ᠠᠵᠢᠯ ᠢ ᠥᠷᠨᠢᠭᠦᠯᠪᠡ᠃ ᠲᠣᠰ ᠤᠳᠠᠭᠠᠨ ᠤ ᠰᠢᠯᠭᠠᠨ ᠪᠠᠶᠢᠴᠠᠭᠠᠵᠤ ᠬᠠᠷᠭᠤᠭᠤᠯᠬᠤ ᠠᠵᠢᠯ ᠤᠨ ᠤᠯᠠᠭᠠᠨᠬᠠᠳᠠ ᠬᠤᠲᠠ ᠶᠢᠨ ᠰᠢᠯᠭᠠᠨ ᠪᠠᠶᠢᠴᠠᠭᠠᠬᠤ ᠲᠥᠪ ᠨᠢ ᠬᠡᠮᠵᠢᠭᠦᠷᠯᠢᠭ ᠤᠨ ᠡᠷᠬᠡ ᠣᠯᠭᠤᠭᠰᠠᠨ ᠲᠥᠷᠥᠯ ᠵᠦᠢᠯ ᠤᠨ ᠬᠡᠪᠴᠢᠶ᠎ᠡ ᠶᠢ ᠦᠨᠳᠦᠰᠦᠯᠡᠨ᠂ ᠭᠤᠤᠯᠳᠠᠭᠤ ᠠᠤᠬᠠᠨ ᠬᠤᠰᠢᠭᠤᠨ ᠤ ᠬᠢᠯᠢ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠳᠤ ᠠᠯᠪᠠᠨ ᠠᠴᠠ ᠪᠠᠶᠢᠭᠤᠯᠤᠭᠰᠠᠨ ᠪᠠ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠵᠢᠴᠢ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠶᠢ ᠬᠡᠷᠡᠭᠯᠡᠵᠦ ᠪᠠᠶᠢᠭ᠎ᠠ ᠵᠢᠷᠦᠬᠡ ︵ᠲᠠᠷᠢᠬᠢ︶ ᠶᠢᠨ ᠴᠠᠬᠢᠯᠭᠠᠨ ᠵᠢᠷᠤᠭ᠂ ᠣᠯᠠᠨ ᠪᠣᠯᠵᠣᠯᠲᠤ ᠲᠤᠭ᠎ᠠ ᠶᠢ ᠬᠢᠨᠠᠨ ᠬᠠᠮᠠᠭᠠᠯᠠᠬᠤ ᠮᠠᠰᠢᠨ ᠂ ᠪᠤᠳᠤᠭᠲᠤ ᠬᠡᠲᠦ ᠳᠡᠯᠭᠡᠭᠦᠷ᠂ CT ᠮᠠᠰᠢᠨ᠂ ᠴᠥᠮ᠎ᠡ ᠶᠢᠨ ᠰᠣᠷᠢᠨᠵᠢᠨ᠂ Dr ᠵᠢᠴᠢ ᠵᠠᠳᠠᠯᠬᠤ ᠪᠠᠭᠠᠵᠢ ᠵᠡᠷᠭᠡ ᠬᠡᠮᠵᠢᠭᠦᠷᠯᠢᠭ ᠲᠥᠬᠦᠭᠡᠷᠦᠮᠵᠢ ᠶᠢ ᠪᠠᠭᠲᠠᠭᠠᠭᠰᠠᠨ ᠲᠤᠬᠠᠶ ᠶᠢᠨ ᠲᠠᠯᠠᠪᠤᠷ ᠤᠨ ᠰᠢᠯᠭᠠᠨ ᠪᠠᠶᠢᠴᠠᠭᠠᠯᠲᠠ ᠬᠢᠪᠠ᠃ ᠰᠢᠯᠭᠠᠨ ᠲᠣᠭᠲᠠᠭᠠᠬᠤ ᠶᠠᠪᠤᠴᠠ ᠳᠤ ᠰᠢᠯᠭᠠᠨ ᠲᠣᠭᠲᠠᠭᠠᠬᠤ ᠠᠵᠢᠯᠲᠠᠳ ᠵᠣᠬᠢᠴᠠᠩᠭᠤᠶ ᠬᠡᠮᠵᠢᠯᠲᠡ ᠶᠢᠨ ᠰᠢᠯᠭᠠᠨ ᠲᠣᠭᠲᠠᠭᠠᠬᠤ ᠲᠦᠷᠢᠮ ᠢ ᠦᠨᠳᠦᠰᠦᠯᠡᠨ ᠪᠠᠭᠠᠵᠢ ᠬᠡᠷᠡᠭᠰᠡᠯ ᠤᠨ ᠴᠢᠳᠠᠮᠵᠢ ᠳᠤ ᠪᠥᠬᠦ ᠲᠠᠯ᠎ᠠ ᠶᠢᠨ ᠰᠢᠯᠭᠠᠨ ᠪᠠᠶᠢᠴᠠᠭᠠᠯᠲᠠ  ᠬᠢᠪᠡ ᠃    ᠲᠣᠰ ᠤᠳᠠᠭᠠᠨ ᠤ ᠤᠯᠠᠭᠠᠨᠬᠠᠳᠠ ᠬᠤᠲᠠ ᠶᠢᠨ ᠰᠢᠯᠭᠠᠨ ᠪᠠᠶᠢᠴᠠᠭᠠᠬᠤ ᠲᠥᠪ ᠠᠴᠠ ᠨᠡᠶᠢᠲᠡ 340 ᠭᠠᠷᠤᠶ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠪᠠᠭᠠᠵᠢ ᠬᠡᠷᠡᠭᠰᠡᠯ ᠳᠤ ᠰᠢᠯᠭᠠᠨ ᠲᠣᠭᠲᠠᠭᠠᠭᠰᠠᠨ ᠦᠨᠡᠮᠯᠡᠯ ᠣᠯᠭᠤᠵᠤ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠣᠯᠠᠨ ᠪᠣᠯᠵᠣᠯᠲᠤ ᠲᠤᠭ᠎ᠠ ᠶᠢ ᠨᠢᠭᠡᠨᠲᠡ ᠲᠡᠷᠡ ᠳᠠᠷᠤᠶ ᠳᠤᠨᠢ ᠵᠠᠷᠯᠢᠭᠳᠠᠨ ᠬᠡᠷᠡᠭᠯᠡᠬᠦ ᠶᠢ ᠵᠣᠭᠰᠣᠭᠠᠵᠤ᠂ ᠪᠠᠭᠠᠵᠢ ᠬᠡᠷᠡᠭᠰᠡᠯ ᠢ ᠬᠡᠷᠡᠭᠯᠡᠬᠦ ᠨᠢᠭᠡᠴᠡ ᠶᠢ ᠰᠠᠨᠠᠭᠠᠴᠢᠯᠠᠭ᠎ᠠ ᠠᠴᠠ ᠪᠠᠨ ᠰᠡᠯᠪᠢᠨ ᠵᠠᠰᠠᠬᠤ ᠪᠤᠶᠤ ᠰᠣᠯᠢᠬᠤ ᠶᠢ ᠱᠠᠭᠠᠷᠳᠠᠪᠠ᠃ ᠲᠣᠰ ᠤᠳᠠᠭᠠᠨ ᠤ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠢᠶᠠᠷ ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠡᠮᠴᠢᠯᠡᠭᠡᠨ ᠤ ᠣᠨᠣᠰᠢᠯᠠᠯᠲᠠ ᠪᠠ ᠡᠮᠴᠢᠯᠡᠭᠡ ᠳᠤ ᠬᠦᠴᠦᠲᠡᠶ ᠮᠡᠷᠭᠡᠵᠢᠯ ᠤᠨ ᠳᠡᠮᠵᠢᠯᠭᠡ ᠬᠠᠩᠭᠠᠭᠰᠠᠨ ᠪᠠᠶᠢᠨ᠎ᠠ᠃ ᠡᠭᠦᠨ ᠤ ᠬᠠᠮᠲᠤ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢ ᠪᠠᠭᠠᠵᠢ ᠬᠡᠷᠡᠭᠰᠡᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠥᠷᠭᠡᠨ ᠣᠯᠠᠨ ᠡᠪᠡᠳᠴᠢᠲᠡᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号