ᠮᠠᠨ ᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠭᠠᠨᠬᠠᠳᠠ ᠬᠤᠲᠠ ᠶᠢᠨ | ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠭᠡᠨᠡᠳᠲᠡ ᠶᠢᠨ ᠭᠠᠵᠠᠷ ᠰᠢᠨᠵᠢᠯᠡᠭᠡᠨ ᠤ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠳᠣᠷᠣᠭᠰᠢ ︽ᠪᠡᠯᠡᠳᠬᠡᠯ | ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ | ᠳᠣᠤᠷᠠᠬᠢ ᠮᠡᠲᠦ ᠲᠣᠳᠣᠷᠬᠠᠶᠢᠯᠠᠶ᠎ᠠ᠄ | ᠨᠢᠭᠡ᠂ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠭᠠᠵᠠᠷ ᠰᠢᠨᠵᠢᠯᠡᠭᠡᠨ ᠤ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ( 2024 ᠣᠨ ᠤ ᠬᠡᠪᠯᠡᠯ︶ | ︾ ᠢ ᠦᠨᠳᠦᠰᠦᠯᠡᠨ᠂ ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠠᠴᠠ ︽ᠤᠯᠠᠭᠠᠨᠬᠠᠳᠠ ᠬᠤᠲᠠ ᠶᠢᠨ ᠭᠡᠨᠡᠳᠲᠡ ᠶᠢᠨ ᠭᠠᠵᠠᠷ ᠰᠢᠨᠵᠢᠯᠡᠭᠡᠨ ᠤ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠪᠠ᠃ | ᠬᠤᠶᠠᠷ᠂ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠤᠭᠰᠠᠨ ᠶᠠᠪᠤᠴᠠ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠨᠡ ᠵᠢᠯ ᠤᠨ 7 ᠰᠠᠷ᠎ᠠ ᠳᠤ | ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠪᠡᠯᠡᠳᠬᠡᠯ ᠲᠥᠰᠦᠯ ᠳᠤ ᠵᠠᠰᠠᠪᠤᠷᠢ | ᠣᠷᠣᠭᠤᠯᠬᠤ ᠶᠢ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ | ᠠᠵᠢᠯ ᠤᠨ ᠳᠤᠭᠤᠶᠢᠯᠠᠩ ᠪᠠᠶᠢᠭᠤᠯᠵᠤ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠂ | ᠠᠵᠢᠯᠯᠠᠬᠤ ᠳᠤᠭᠤᠶᠢᠯᠠᠩ ᠳᠠᠬᠢᠨ ᠳᠠᠪᠲᠠᠨ ᠪᠠᠶᠢᠴᠠᠭᠠᠨ ᠰᠤᠳᠤᠯᠤᠯᠲᠠ ᠬᠢᠵᠦ ᠭᠦᠨᠵᠡᠭᠡᠶ ᠰᠤᠳᠤᠯᠤᠨ ᠶᠠᠷᠢᠯᠴᠠᠵᠤ᠂ | ︽ᠪᠡᠯᠡᠳᠬᠡᠯ ᠲᠥᠰᠦᠯ︾ ᠤᠨ ᠡᠬᠡ ᠨᠣᠤᠷᠠᠭ ᠢ ᠪᠣᠶ ᠪᠣᠯᠭᠠᠭᠰᠠᠨ ᠤ ᠳᠠᠷᠠᠭ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠰᠠᠨᠠᠯ ᠢ ᠪᠢᠴᠢᠭ ᠢᠶᠠᠷ ᠬᠤᠷᠢᠶᠠᠵᠤ᠂ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠪᠠᠷ ᠳᠡᠮᠵᠢᠨ᠂ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠤᠭᠰᠠᠨ ᠡᠬᠡ ᠨᠣᠤᠷᠠᠭ ᠢ ᠪᠣᠶ | ᠪᠣᠯᠭᠠᠪᠠ᠃ | ᠭᠤᠷᠪᠠ᠂ ︽ᠪᠡᠯᠡᠳᠬᠡᠯ ᠲᠥᠰᠦᠯ︾ ᠤᠨ ᠭᠤᠤᠯ ᠠᠭᠤᠯᠭ᠎ᠠ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠯᠡᠳᠬᠡᠯ ᠲᠥᠰᠥᠯ ᠨᠡᠶᠢᠲᠡ 10 ᠪᠦᠯᠦᠭ ᠲᠠᠢ᠃ | ᠨᠢᠭᠡᠳᠦᠭᠡᠷ ᠪᠦᠯᠦᠭ᠂ ᠶᠡᠷᠦᠩᠬᠡᠶ ᠳᠦᠷᠢᠮ᠃ ᠭᠤᠣᠯᠳᠠᠭᠤ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠤᠨ ᠲᠤᠬᠠᠶ ᠲᠣᠳᠣᠷᠬᠠᠶᠢᠯᠠᠨ ᠥᠭᠦᠯᠡᠪᠡ᠃ ᠳᠡᠭᠡᠷ᠎ᠡ | ᠨᠢᠭᠡ ᠬᠡᠪᠯᠡᠯ ᠤᠨ ᠪᠡᠯᠡᠳᠬᠡᠯ ᠲᠥᠰᠦᠯ ᠲᠠᠢ ᠬᠠᠷᠢᠴᠠᠭᠤᠯᠪᠠᠯ᠂ ᠭᠦᠷᠦᠮᠡᠯ ᠵᠣᠷᠢᠯᠭ᠎ᠠ ᠳᠤ ᠲᠣᠬᠢᠷᠠᠭᠤᠯᠤᠯᠲᠠ ᠬᠢᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠶ | ᠵᠣᠷᠢᠯᠭ᠎ᠠ ᠶᠢ ᠰᠢᠨ᠎ᠡ ᠪᠠᠷ ᠨᠡᠮᠡᠪᠡ᠃ | ᠬᠤᠶᠠᠳᠤᠭᠠᠷ ᠪᠦᠯᠦᠭ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠪᠠ | ᠭᠠᠮᠰᠢᠭ ᠤᠨ ᠪᠠᠶᠢᠳᠠᠯ ᠢ ᠲᠠᠰ ᠬᠤᠪᠢᠶᠠᠬᠤ᠃ ᠭᠤᠤᠯᠳᠠᠭᠤ ᠣᠨᠴᠠ ᠲᠣᠮᠣ ᠬᠡᠯᠪᠡᠷᠢ ᠶᠢᠨ᠂ ᠲᠣᠮᠣ | ᠬᠡᠯᠪᠡᠷᠢ ᠶᠢᠨ᠂ ᠳᠤᠮᠳᠠ ᠬᠡᠯᠪᠡᠷᠢ ᠶᠢᠨ᠂ ᠵᠢᠵᠢᠭ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠤᠨ | ᠲᠦᠭᠰᠢᠭᠦᠷᠢᠲᠦ ᠪᠠᠶᠢᠳᠠᠯ ᠪᠠ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠪᠠᠶᠢᠳᠠᠯ ᠤᠨ ᠤᠬᠠᠭᠳᠠᠬᠤᠨ ᠢ | ᠲᠣᠳᠣᠷᠬᠠᠶᠢᠯᠠᠨ ᠥᠭᠦᠯᠡᠪᠡ᠃ | ᠭᠤᠷᠪᠠᠳᠤᠭᠠᠷ ᠪᠦᠯᠦᠭ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠡᠭᠦᠷᠭᠡ ᠬᠠᠷᠢᠭᠤᠴᠠᠯᠭ᠎ᠠ᠃ | ᠭᠤᠤᠯᠳᠠᠭᠤ ᠤᠳᠤᠷᠢᠳᠬᠤ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠂ ᠵᠢᠯᠣᠭᠤᠳᠬᠤ ᠪᠠᠶᠢᠭᠤᠯᠤᠮᠵᠢ ᠵᠢᠴᠢ | ᠡᠭᠦᠷᠭᠡ ᠬᠠᠷᠢᠭᠤᠴᠠᠯᠭ᠎ᠠ᠂ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ ᠥᠭᠦᠯᠡᠪᠡ᠃ | ᠳᠥᠷᠪᠡᠳᠦᠭᠡᠷ ᠪᠦᠯᠦᠭ᠂ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠃ ᠭᠤᠣᠯᠳᠠᠭᠤ | ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠂ | ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠬᠦ ᠠᠵᠢᠯᠯᠠᠭ᠎ᠠ᠂ ᠭᠠᠵᠠᠷ ᠤᠨ ᠭᠠᠮᠰᠢᠭ ᠢ ᠲᠦᠷᠭᠡᠨ ᠮᠡᠳᠡᠭᠦᠯᠬᠦ | ᠲᠦᠷᠢᠮ ᠤᠨ ᠲᠤᠬᠠᠢ ᠲᠣᠳᠣᠷᠬᠠᠶᠢᠯᠠᠨ ᠥᠭᠦᠯᠡᠪᠡ᠃ | ᠲᠠᠪᠤᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ᠃ ᠭᠤᠣᠯᠳᠠᠭᠤ ᠣᠨᠴᠠ ᠲᠣᠮᠣ | ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠤᠨ | ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ︵Ⅰᠲᠠᠰ︶᠂ ᠲᠣᠮᠣ ᠬᠡᠯᠪᠡᠷᠢ ᠶᠢᠨ | ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠠᠴᠢᠮ | ᠪᠠᠶᠢᠳᠠᠯ ᠢ ᠠᠷᠭᠠᠴᠠᠬᠤ ᠶᠢ ᠳᠠᠭᠠᠬᠤ ︵Ⅱᠲᠠᠰ︶ ᠂ ᠳᠤᠮᠳᠠ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ | ᠭᠠᠮᠰᠢᠭ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠵᠤ ᠬᠢᠬᠦ ︵Ⅲᠲᠠᠰ︶᠂ ᠵᠢᠵᠢᠭ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ | ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ︵Ⅳᠲᠠᠰ︶᠂ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠳᠠᠭᠤᠰᠬᠠᠬᠤ ᠶᠢ ᠲᠣᠳᠣᠷᠬᠠᠶᠢᠯᠠᠨ ᠥᠭᠦᠯᠡᠪᠡ᠃ | ᠵᠢᠷᠭᠤᠳᠤᠭᠠᠷ ᠪᠦᠯᠦᠭ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ ᠭᠤᠣᠯᠳᠠᠭᠤ ᠪᠠᠴᠢᠮ ᠶᠠᠭᠠᠷᠠᠯᠲᠠᠢ | ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ᠂ ᠬᠢᠨᠠᠨ ᠬᠡᠮᠵᠢᠯᠲᠡ ᠪᠠ ᠵᠠᠰᠠᠯᠲᠠ᠂ | ᠡᠮᠴᠢᠯᠡᠭᠡᠨ ᠤ ᠠᠪᠤᠷᠠᠨ ᠲᠤᠰᠠᠯᠠᠯᠲᠠ ᠪᠠ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ᠂ ᠠᠮᠤᠷ ᠢ ᠬᠠᠮᠠᠭᠠᠯᠠᠬᠤ᠂ | ᠵᠠᠮ ᠬᠠᠷᠢᠯᠴᠠᠭ᠎ᠠ ᠪᠠ ᠴᠢᠮᠡᠭᠡ ᠬᠤᠯᠪᠣᠭ᠎ᠠ᠂ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠮᠡᠳᠡᠭᠡ ᠵᠠᠩᠭᠢ ᠶᠢ | ᠮᠡᠳᠡᠭᠦᠯᠦᠨ ᠬᠦᠷᠭᠡᠬᠦ ᠪᠠ ᠰᠢᠢᠳᠪᠦᠷᠢᠯᠡᠬᠦ ᠲᠤᠬᠠᠢ ᠲᠣᠳᠣᠷᠬᠠᠶᠢᠯᠠᠨ ᠥᠭᠦᠯᠡᠪᠡ᠃ | ᠳᠣᠯᠣᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠃ ᠭᠤᠣᠯᠳᠠᠭᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ᠂ ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠳᠠᠮᠵᠢᠭᠤᠯᠬᠤ᠂ ᠪᠠᠴᠢᠮ ᠪᠠᠶᠢᠳᠠᠯ ᠢ | ᠠᠷᠭᠠᠴᠠᠬᠤ ᠮᠡᠷᠭᠡᠵᠢᠯ ᠤᠨ ᠪᠠᠲᠤᠯᠠᠭ᠎ᠠ᠂ ᠤᠬᠠᠭᠤᠯᠭ᠎ᠠ ᠬᠢᠭᠡᠳ ᠪᠣᠯᠪᠠᠰᠤᠷᠠᠭᠤᠯᠤᠯ᠂ ᠮᠡᠳᠡᠭᠡ ᠵᠠᠩᠭᠢ ᠨᠡᠶᠢᠲᠡᠯᠡᠬᠦ᠂ | ᠬᠢᠨᠠᠯᠲᠠ ᠲᠠᠯᠪᠢᠵᠤ ᠪᠠᠶᠢᠴᠠᠭᠠᠬᠤ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ | ᠨᠠᠢᠮᠠᠳᠤᠭᠠᠷ ᠪᠦᠯᠦᠭ᠂ ᠪᠡᠯᠡᠳᠬᠡᠯ ᠲᠥᠰᠦᠯ ᠤᠨ ᠬᠠᠮᠢᠶᠠᠷᠤᠯᠲᠠ᠃ ᠭᠤᠤᠯᠳᠠᠭᠤ ᠪᠡᠯᠡᠳᠬᠡᠯ ᠲᠥᠰᠦᠯ ᠤᠨ | ᠬᠠᠮᠢᠶᠠᠷᠤᠯᠲᠠ ᠶᠢᠨ ᠭᠤᠤᠯ ᠴᠣᠭᠴᠠ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠨᠥᠬᠦᠴᠡᠯ ᠢ | ᠲᠣᠳᠣᠷᠬᠠᠶᠢᠯᠠᠨ ᠥᠭᠦᠯᠡᠪᠡ᠃ | ᠶᠢᠰᠦᠳᠦᠭᠡᠷ ᠪᠦᠯᠦᠭ᠂ ᠬᠠᠷᠢᠭᠤᠴᠠᠯᠭ᠎ᠠ ᠪᠠ ᠱᠠᠩᠨᠡᠯᠲᠠ᠃ ᠭᠤᠤᠯᠳᠠᠭᠤ ᠬᠥᠬᠢᠭᠦᠯᠦᠨ ᠱᠠᠩᠨᠠᠬᠤ᠂ | ᠬᠠᠷᠢᠭᠤᠴᠠᠯᠭ᠎ᠠ ᠨᠡᠬᠡᠮᠵᠢᠯᠡᠬᠦ ᠶᠢ ᠲᠣᠳᠣᠷᠬᠠᠶᠢᠯᠠᠨ ᠥᠭᠦᠯᠡᠪᠡ᠃ | ᠠᠷᠪᠠᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ᠃ ᠭᠤᠤᠯ ᠨᠢ ᠨᠡᠷ᠎ᠡ ᠲᠤᠮᠢᠶ᠎ᠠ ᠪᠠ ᠲᠤᠳᠣᠷᠬᠠᠶᠢᠯᠠᠯᠲᠠ᠂ | ᠪᠡᠯᠡᠳᠬᠡᠯ ᠲᠥᠰᠦᠯ ᠤᠨ ᠲᠠᠶᠢᠯᠪᠤᠷᠢᠯᠠᠬᠤ ᠰᠠᠯᠠᠭ᠎ᠠ ᠮᠥᠴᠢᠷ᠂ ᠪᠡᠯᠡᠳᠬᠡᠯ ᠲᠥᠰᠦᠯ ᠤᠨ ᠬᠡᠷᠡᠭᠵᠢᠭᠦᠯᠦᠯᠲᠡ ᠶᠢᠨ | ᠲᠤᠬᠠᠶ ᠲᠤᠳᠣᠷᠬᠠᠶᠢᠯᠠᠯᠲᠠ ᠬᠢᠪᠡ᠃ | |