| ᠰᠧ ᠳ᠋ᠤᠤ ᠸᠠᠨ ᠽᠢ ᠪᠠᠯᠭᠠᠰᠤ ᠠᠵᠤ ᠦᠢᠯᠡᠳᠪᠦᠷᠢ ᠪᠠᠷ ᠲᠠᠷᠢᠶᠠᠯᠠᠩ ᠢ ᠠᠬᠢᠭᠤᠯᠬᠤ᠂ ᠲᠠᠷᠢᠶᠠᠯᠠᠩ ᠢ ᠲᠡᠵᠢᠭᠡᠬᠦ | ᠬᠥᠭᠵᠢᠯᠲᠡ ᠶᠢᠨ ᠵᠠᠮ ᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ | ᠠᠬᠢᠴᠠ ᠶᠢ ᠢᠳᠡᠪᠬᠢᠲᠡᠢ ᠠᠬᠢᠭᠤᠯᠵᠤ᠂ ᠪᠦᠬᠦ ᠪᠠᠯᠭᠠᠰᠤᠨ ᠤ ᠲᠠᠷᠢᠶᠠᠯᠠᠩ ᠤᠨ ᠶᠡᠷᠦᠩᠬᠡᠢ ᠦᠢᠯᠡᠳᠬᠦᠨ ᠤ ᠦᠷᠳᠡᠭ᠂ | ᠲᠠᠷᠢᠶᠠᠴᠢᠳ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠲᠤᠰ ᠲᠤᠰ 2006 ᠣᠨ ᠳᠤ 4600 ᠲᠦᠮᠡᠨ | ᠲᠥᠭᠦᠷᠢᠭ᠂ 3028 ᠲᠥᠭᠦᠷᠢᠭ ᠪᠠᠶᠢᠭᠰᠠᠨ ᠠᠴᠠ ᠪᠠᠨ 2024 ᠣᠨ ᠳᠤ 15.6 ᠳ᠋ᠦᠩᠰᠢᠭᠤᠷ ᠲᠥᠭᠦᠷᠢᠭ᠂ | 16380 ᠲᠥᠭᠦᠷᠢᠭ ᠪᠣᠯᠤᠨ ᠳᠡᠭᠡᠭᠰᠢᠯᠡᠵᠦ᠂ ᠲᠤᠰ ᠲᠤᠰ 3052% ᠪᠠ 409% ᠪᠠᠷ ᠳᠡᠭᠡᠭᠰᠢᠯᠡᠪᠡ᠃ | ᠤᠢᠢᠷ᠎ᠠ ᠶᠢᠨ ᠵᠢᠯ ᠠᠴᠠ᠂ ᠰᠧ ᠳ᠋ᠤᠤ ᠸᠠᠨ ᠽᠢ ᠪᠠᠯᠭᠠᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ | ᠡᠯᠪᠡᠭ ᠪᠠᠶᠠᠯᠢᠭ ᠪᠠᠶᠢᠬᠤ ᠳᠠᠪᠠᠭᠤᠯᠢᠭ ᠲᠠᠭᠠᠨ ᠲᠦᠰᠢᠭᠯᠡᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠢ | ᠦᠳᠲᠡᠷ ᠲᠦᠷᠭᠡᠨ ᠬᠥᠭᠵᠢᠪᠡ᠃ ᠣᠳᠣᠬᠠᠨ ᠳᠤ ᠪᠥᠬᠦ ᠪᠠᠯᠭᠠᠰᠤᠨ ᠤ ᠡᠯ᠎ᠡ ᠲᠥᠷᠥᠯ ᠤᠨ ᠠᠵᠤ ᠦᠢᠯᠡᠳᠪᠦᠷᠢ ᠶᠢᠨ | ᠠᠵᠤ ᠠᠬᠤᠶᠢᠯᠠᠯ 11 ᠪᠠᠶᠢᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠵᠢᠯ ᠳᠤ ᠳᠤᠮᠳᠠᠴᠢ ᠪᠠᠷ 1.1 | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ ᠵᠢᠯ ᠳᠤ ᠳᠤᠮᠳᠠᠴᠢ ᠪᠠᠷ | 1000 ᠲᠦᠮᠡᠨ ᠲᠥᠭᠦᠷᠢᠭ ᠲᠤ ᠬᠦᠷᠴᠦ᠂ ᠪᠠᠯᠭᠠᠰᠤᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ | ᠵᠢᠯ ᠳᠤ ᠳᠤᠮᠳᠠᠴᠢ ᠪᠠᠷ 1600 ᠲᠦᠮᠡᠨ ᠲᠥᠭᠦᠷᠢᠭ ᠲᠤ ᠬᠦᠷᠴᠡᠶ᠃ | ᠠᠵᠤ ᠦᠢᠯᠡᠳᠪᠦᠷᠢ ᠶᠢᠨ ᠬᠥᠭᠵᠢᠯᠲᠡ ᠨᠢ ᠲᠤᠬᠠᠶ ᠶᠢᠨ ᠭᠠᠵᠠᠷ ᠤᠨ ᠡᠳ᠋ ᠤᠨ ᠵᠠᠰᠠᠭ ᠲᠤ ᠯᠤᠲᠤ ᠶᠡᠭᠡ | ᠳᠡᠮᠵᠢᠯᠭᠡ ᠦᠵᠡᠭᠦᠯᠵᠦ᠂ ᠡᠳ᠋ ᠤᠨ ᠵᠠᠰᠠᠭ ᠨᠢ ᠭᠡᠳᠡᠷᠭᠦ ᠪᠠᠨ ᠲᠠᠷᠢᠶᠠᠯᠠᠩ ᠤᠨ ᠬᠥᠭᠵᠢᠯᠲᠡ ᠳᠤ ᠲᠤᠰᠠᠯᠠᠮᠵᠢ | ᠬᠠᠩᠭᠠᠪᠠ᠃ ᠬᠡᠳᠦᠨ ᠵᠢᠯ ᠤᠨ ᠲᠤᠷᠰᠢ᠂ ᠥᠪᠥᠷ ᠮᠣᠩᠭᠤᠯ ᠤᠨ ᠮᠧᠶ ᠮᠧᠶ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ᠂ ᠥᠪᠥᠷ ᠮᠣᠩᠭᠤᠯ ᠤᠨ ᠵᠥᠩ ᠤᠣ ᠮᠠᠯ ᠠᠵᠤ ᠠᠬᠤᠶ ᠶᠢᠨ ᠪᠦᠯᠦᠭᠯᠡᠯ ᠤᠨ ᠺᠣᠮᠫᠠᠨᠢ᠂ | ᠠᠤᠬᠠᠨ ᠬᠤᠰᠢᠭᠤᠨ ᠤ ᠨᠠᠪᠴᠢᠨ ᠲᠠᠮᠠᠬᠢ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠺᠣᠮᠫᠠᠨᠢ ᠵᠡᠷᠭᠡ ᠲᠤᠬᠠᠶ ᠶᠢᠨ | ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠳᠤ | ᠲᠦᠰᠢᠭᠯᠡᠨ᠂ ᠲᠤᠰ ᠪᠠᠯᠭᠠᠰᠤ 4000 ᠲᠦᠮᠡᠨ ᠲᠦᠭᠦᠷᠢᠭ ᠤᠨ ᠪᠡᠯᠡ ᠮᠥᠩᠬᠦ ᠣᠷᠤᠭᠤᠯᠵᠤ ᠂ 1.2 | ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠠᠯᠠ ᠮᠥᠩᠭᠦ ᠶᠢ ᠴᠢᠷᠮᠠᠶᠢᠨ ᠣᠯᠵᠤ᠂ ᠲᠥᠬᠦᠭᠡᠷᠦᠮᠵᠢᠲᠦ | ᠲᠠᠷᠢᠶᠠᠯᠠᠩ ᠤᠨ ᠪᠥᠲᠥᠭᠡᠨ ᠪᠠᠶᠢᠭᠤᠯᠤᠯᠲᠠ᠂ ᠢᠳᠡᠰᠢᠨ ᠦᠬᠡᠷ ᠲᠡᠵᠢᠭᠡᠨ ᠦᠷᠡᠵᠢᠭᠦᠯᠬᠦ᠂ ᠥᠨᠳᠡᠭᠡᠨ ᠲᠠᠬᠢᠶ᠎ᠠ | ᠲᠡᠵᠢᠭᠡᠨ ᠦᠷᠡᠵᠢᠭᠦᠯᠬᠦ᠂ ᠤᠨᠴᠠᠯᠢᠬᠳᠤ ᠲᠠᠷᠢᠮᠠᠯ ᠵᠡᠷᠭᠡ ᠠᠵᠤ ᠦᠢᠯᠡᠰ ᠢ ᠳᠡᠮᠵᠢᠬᠦ ᠳᠤ ᠬᠡᠷᠡᠭᠯᠡᠵᠦ᠂ ᠲᠠᠷᠢᠶᠠᠴᠢᠳ ᠢ | ᠬᠥᠲᠥᠯᠦᠨ ᠵᠢᠯᠣᠭᠤᠳᠴᠤ ᠪᠠᠶᠢᠭᠠᠳ ᠪᠠᠯᠲᠤ ᠬᠡᠮᠬᠡ ᠶᠢᠨ ᠬᠦᠯᠡᠮᠵᠢ 6000 ᠮᠥ ᠪᠠᠶᠢᠭᠤᠯᠵᠤ᠂ 2.3 ᠲᠦᠮᠡᠨ | ᠢᠳᠡᠰᠢᠨ ᠦᠬᠡᠷ ᠪᠣᠷᠣᠯᠠᠭᠤᠯᠵᠤ᠂ 36 ᠲᠦᠮᠡᠨ ᠥᠨᠳᠡᠭᠡᠨ ᠲᠠᠬᠢᠶ᠎ᠠ ᠶᠢ ᠬᠥᠭᠵᠢᠭᠦᠯᠵᠦ᠂ ᠡᠯ᠎ᠡ ᠲᠥᠷᠥᠯ ᠤᠨ | ᠲᠡᠵᠢᠭᠡᠨ ᠦᠷᠡᠵᠢᠭᠦᠯᠬᠦ ᠲᠣᠮᠣ ᠡᠷᠦᠬᠡ ᠶᠢ 600 ᠭᠠᠷᠤᠶ ᠳᠡᠮᠵᠢᠪᠡ᠃ 2024 ᠣᠨ ᠳᠤ ᠪᠥᠬᠦ ᠪᠠᠯᠭᠠᠰᠤᠨ ᠤ | ᠲᠠᠷᠢᠶᠠᠴᠢᠳ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠪᠠᠷ ᠢᠷᠡᠭᠰᠡᠨ ᠣᠷᠣᠯᠭ᠎ᠠ 8000 | ᠲᠦᠮᠡᠨ ᠲᠥᠭᠦᠷᠢᠭ ᠲᠤ ᠬᠦᠷᠴᠦ᠂ ᠬᠥᠮᠦᠨ ᠳᠤᠮᠳᠠᠴᠢ ᠶᠢᠨ ᠣᠷᠣᠯᠭ᠎ᠠ 600 ᠲᠥᠭᠦᠷᠢᠭ ᠨᠡᠮᠡᠭᠳᠡᠪᠡ᠃ |