| | ᠰᠢᠶᠠᠨ ᠤ ᠱᠠᠲᠤᠨ ᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ | ᠦᠢᠯᠡᠰ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠭᠤᠶᠤᠴᠢᠯᠠᠯ ᠢᠶᠠᠷ ᠳᠡᠮᠵᠢᠨ᠂ ᠲᠤᠰᠬᠠᠶ ᠣᠷᠣᠨ ᠤ | ᠬᠤᠲᠠ ᠶᠢᠨ ᠲᠠᠰ᠂ ᠮᠤᠵᠢ ᠶᠢᠨ ᠳᠡᠰ ᠤᠨ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠬᠢᠭᠡᠳ ᠴᠢᠨᠠᠷ ᠰᠠᠶᠢᠲᠠᠶ ᠲᠤᠬᠠᠶᠢᠯᠠᠭᠰᠠᠨ | ᠠᠵᠢᠯ ᠤᠨ ᠮᠡᠷᠭᠡᠵᠢᠯ ᠤᠨ ᠠᠵᠢᠯ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠤᠯᠲᠠ ᠪᠠᠷ ᠳᠡᠮᠵᠢᠨ᠂ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠥᠪ ᠠᠴᠠ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠵᠤ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠭᠤᠶᠤᠴᠢᠯᠠᠭᠰᠠᠨ ︽ᠠᠣᠬᠠᠨ ᠤ ᠰᠢᠨ᠎ᠡ | ᠰᠤᠷᠭᠤᠭ ᠡᠷᠳᠡᠨᠢ ᠰᠢᠰᠢ︾ ᠨᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠰ ᠢ ᠴᠤᠭᠯᠠᠭᠤᠯᠤᠨ ᠳᠠᠩᠰᠠᠯᠠᠬᠤ ᠵᠢᠷᠤᠮᠵᠢᠯ︾ ᠤᠨ ᠱᠠᠭᠠᠷᠳᠠᠯᠭ᠎ᠠ ᠳᠤ ᠨᠡᠶᠢᠴᠡᠵᠦ᠂ ︽ | ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ︾ ᠤ ᠨᠡᠷᠡᠰ ᠲᠤ | ᠣᠷᠣᠭᠤᠯᠬᠤ ᠪᠠᠷ ᠲᠦᠯᠦᠪᠯᠡᠵᠦ ᠪᠣᠢ᠃ | | | | | | ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠭᠡᠳᠡᠭ ᠨᠢ ᠣᠨᠴᠠᠭᠠᠢ | ᠲᠣᠭᠲᠠᠭᠰᠠᠨ ᠣᠷᠣᠨ ᠪᠦᠰᠡ ︵ᠵᠠᠷᠴᠢᠮ ᠤᠨ ᠲᠠᠯ᠎ᠠ ᠪᠠᠷ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠵᠤ︶ | ᠳᠣᠲᠣᠷᠠᠬᠢ ᠦᠢᠯᠡᠳᠪᠦᠷᠢᠯᠡᠯ᠂ ᠵᠣᠬᠢᠬᠤ ᠬᠡᠮᠵᠢᠶᠡᠨ ᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠶᠢ | ᠪᠦᠷᠢᠯᠳᠦᠭᠦᠯᠦᠭᠰᠡᠨ᠂ ᠢᠯᠡᠷᠬᠡᠶ ᠭᠠᠵᠠᠷ ᠣᠷᠣᠨ ᠤ ᠣᠨᠴᠠᠯᠢᠭ ᠪᠠ ᠥᠪᠡᠷᠮᠢᠴᠡ ᠰᠢᠮ᠎ᠡ ᠲᠡᠵᠢᠭᠡᠯ ᠤᠨ ᠶᠠᠰᠤ | ᠴᠢᠨᠠᠷ ᠤᠨ ᠣᠨᠴᠠᠯᠢᠭ ᠲᠠᠢ᠂ ᠲᠣᠭᠲᠠᠭᠤᠨ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ᠂ ᠣᠯᠠᠨ | ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠠ ᠠᠯᠳᠠᠷᠰᠢᠯ ᠤᠨ ᠬᠡᠮᠵᠢᠶ᠎ᠡ ᠨᠢ ᠥᠨᠳᠥᠷ ᠪᠠᠶᠢᠬᠤ ᠶᠢᠨ ᠬᠠᠮᠲᠤ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠥᠪ ᠲᠤ ᠳᠠᠩᠰᠠᠯᠠᠭᠤᠯᠤᠨ ᠵᠠᠷᠯᠠᠨ ᠨᠡᠶᠢᠲᠡᠯᠡᠭᠰᠡᠨ ᠪᠠ ᠦᠨᠡᠮᠯᠡᠯ ᠬᠢᠨᠠᠨ ᠣᠯᠭᠤᠭᠰᠠᠨ | ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠤᠶ᠃ ᠰᠣᠩᠭᠤᠭᠳᠠᠭᠰᠠᠨ ᠦᠢᠯᠡᠳᠬᠦᠨ ᠤ ᠪᠣᠭᠤᠳᠠᠯ ᠪᠠᠭᠯᠠᠭ᠎ᠠ | ᠳᠡᠭᠡᠷ᠎ᠡ ᠨᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠭᠡᠬᠦ | ᠦᠰᠦᠭ ᠢ ᠲᠣᠳᠣᠷᠬᠠᠶᠢᠯᠠᠵᠤ᠂ ᠮᠡᠳᠡᠷᠡᠮᠵᠢ ᠶᠢᠨ ᠬᠡᠮᠵᠢᠶ᠎ᠡ᠂ ᠠᠯᠳᠠᠷᠰᠢᠯ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ | ᠣᠶᠢᠷ᠎ᠠ ᠶᠢᠨ ᠵᠢᠯ ᠳᠤ᠂ ᠠᠤᠬᠠᠨ ᠬᠤᠰᠢᠭᠤ ︽ᠡᠭᠦᠯᠳᠡᠷ ᠢ ᠰᠢᠯᠢᠳᠡᠭᠵᠢᠭᠦᠯᠬᠦ᠂ ᠰᠠᠭᠤᠷᠢᠨ ᠭᠠᠵᠠᠷ ᠢ | ᠥᠷᠭᠡᠳᠬᠡᠬᠦ᠂ ᠬᠡᠯᠬᠢᠶ᠎ᠡ ᠶᠢ ᠤᠷᠲᠤᠳᠬᠠᠬᠤ᠂ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠬᠦ︾ | ᠬᠥᠭᠵᠢᠯᠲᠡ ᠶᠢᠨ ᠰᠡᠳᠬᠢᠮᠵᠢ ᠶᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠤᠨᠴᠠᠯᠢᠬᠳᠤ ᠲᠠᠷᠢᠶᠠᠯᠠᠩ ᠤᠨ | ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠲᠣᠰ | ᠤᠳᠠᠭᠠᠨ ᠤ ︽ᠠᠤᠬᠠᠨ ᠤ ᠰᠢᠨ᠎ᠡ ᠰᠣᠷᠭᠤᠭ ᠡᠷᠳᠡᠨᠢ ᠰᠢᠰᠢ︾ ᠶᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠤᠭᠤᠯᠤᠭᠰᠠᠨ ᠨᠢ ᠪᠥᠬᠦ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ |