ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2025 ᠣᠨ ᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠲᠥᠷᠥᠯ ᠵᠦᠢᠯ ᠤᠨ ᠪᠠᠯᠠ ᠮᠥᠩᠭᠦ ᠶᠢ 770 ᠲᠦᠮᠡᠨ ᠲᠥᠭᠦᠷᠢᠭ ᠤᠯᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2024/12/17
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠣᠨᠳᠣᠤ ᠭᠠᠵᠠᠷ ᠲᠤ ᠨᠡᠭᠦᠭᠰᠡᠨ ᠣᠯᠠᠨ ᠲᠦᠮᠡᠨ ᠤ ︽ᠨᠡᠭᠦᠵᠦ ᠳᠡᠶᠢᠯᠬᠦ᠂ ᠲᠣᠭᠲᠠᠭᠤᠨ ᠪᠠᠶᠢᠯᠭᠠᠵᠤ ᠳᠡᠶᠢᠯᠬᠦ᠂ ᠪᠠᠶᠠᠵᠢᠵᠤ ᠳᠡᠶᠢᠯᠬᠦ︾ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠵᠠᠯᠭᠠᠮᠵᠢ ᠠᠵᠤ ᠦᠢᠯᠡᠰ ᠢ ᠬᠥᠭᠵᠢᠭᠦᠯᠦᠨ᠂ ᠨᠡᠭᠦᠭᠰᠡᠨ ᠣᠯᠠᠨ ᠲᠦᠮᠡᠨ ᠤ ᠨᠡᠶᠢᠭᠡᠮ ᠲᠣᠭᠤᠷᠢᠭ ᠲᠤ ᠠᠭᠤᠰᠤᠯᠴᠠᠭᠰᠠᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠬᠤᠰᠢᠭᠤᠨ ᠤ 2025 ᠣᠨ ᠤ ᠲᠥᠪ ᠤᠨ ᠡᠳ᠋ ᠤᠨ ᠵᠠᠰᠠᠭ ᠤᠨ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠲᠥᠷᠥᠯ ᠵᠦᠢᠯ ᠤᠨ ᠪᠡᠯᠡ ᠮᠥᠩᠭᠦ ᠶᠢ 770 ᠲᠦᠮᠡᠨ ᠲᠥᠭᠦᠷᠢᠭ ᠤᠷᠢᠳᠴᠢᠯᠠᠨ ᠵᠥᠪᠰᠢᠶᠡᠷᠡᠵᠦ᠂ ᠠᠤᠬᠠᠨ ᠬᠤᠰᠢᠭᠤᠨ ᠤ ᠭᠤᠷᠪᠠᠨᠬᠤᠸᠠ ᠪᠠᠯᠭᠠᠰᠤᠨ ᠤ ᠭᠦ᠋ ᠱᠠᠨᠽᠢ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠤᠬᠠᠨ ᠬᠤᠰᠢᠭᠤᠨ ᠤ ᠰᠢᠩ ᠯᠦᠩ ᠸᠠ ᠪᠠᠯᠭᠠᠰᠤᠨ ᠤ ᠳ᠋ᠠ ᠳ᠋ᠢᠶᠠᠨᠽᠢ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠳᠤᠯᠠᠭᠠᠨ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠤᠬᠠᠨ ᠬᠤᠰᠢᠭᠤᠨ ᠤ ᠶᠢᠨ ᠴᠠᠩ ᠭᠧᠤ ᠯᠢᠶᠠᠩ ᠪᠠᠯᠭᠠᠰᠤᠨ ᠤ ᠱᠢ ᠴᠢᠶᠣᠤ ᠽᠢ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠤᠬᠠᠨ ᠬᠤᠰᠢᠭᠤᠨ ᠤ ᠰᠧ ᠳ᠋ᠤᠤ ᠸᠠᠨᠽᠢ ᠪᠠᠯᠭᠠᠰᠤᠨ ᠤ ᠾᠧᠢ ᠲᠤ ᠶᠢᠩᠽᠢ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠨ᠎ᠡ᠃ ᠣᠳᠣᠬᠠᠨ ᠳᠤ ᠡᠯ᠎ᠡ ᠰᠢᠶᠠᠩ ᠪᠠᠯᠭᠠᠰᠤ ᠪᠠᠷᠢᠯᠭ᠎ᠠ ᠶᠢᠨ ᠵᠢᠷᠤᠭ ᠲᠥᠯᠥᠪᠯᠡᠭᠡ᠂ ᠲᠥᠰᠦᠪ᠂ ᠡᠳ᠋ ᠤᠨ ᠵᠠᠰᠠᠭ ᠤᠨ ᠬᠢᠨᠠᠨ ᠲᠣᠭᠲᠠᠭᠠᠯᠲᠠ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠥᠷᠨᠢᠭᠦᠯᠵᠦ᠂ ᠲᠥᠷᠥᠯ ᠵᠦᠢᠯ ᠢ ᠲᠣᠰ ᠵᠢᠯ ᠳᠡᠭᠡᠨ ᠠᠵᠢᠯ ᠡᠬᠢᠯᠡᠭᠦᠯᠬᠦ ᠪᠠᠷ ᠴᠢᠷᠮᠠᠶᠢᠵᠤ᠂ ᠲᠣᠰ ᠵᠢᠯ ᠳᠡᠭᠡᠨ ᠠᠵᠢᠯ ᠢᠶᠠᠨ ᠳᠠᠭᠤᠰᠬᠠᠵᠤ᠂ ᠪᠠᠯᠠ ᠮᠥᠩᠭᠦ ᠶᠢᠨ ᠪᠠᠶᠢᠪᠠᠰᠤ ᠵᠣᠬᠢᠬᠤ ᠦᠷ᠎ᠡ ᠠᠰᠢᠭ ᠢ ᠪᠠᠳᠠᠷᠠᠭᠤᠯᠵᠤ ᠪᠠᠶᠢᠨ᠎ᠠ᠃    ᠲᠥᠷᠥᠯ ᠵᠦᠢᠯ ᠢ ᠬᠡᠷᠡᠭᠵᠢᠭᠦᠯᠪᠡᠯ᠂ ᠲᠥᠪᠬᠢᠨᠡᠭᠦᠯᠬᠦ ᠣᠷᠣᠨ ᠤ ᠨᠡᠭᠦᠯᠭᠡᠭᠰᠡᠨ ᠣᠯᠠᠨ ᠲᠦᠮᠡᠨ ᠳᠤ 50 ᠰᠢᠬᠠᠮ ᠠᠵᠢᠯ ᠣᠯᠭᠤᠬᠤ ᠵᠢᠴᠢ ᠬᠥᠳᠡᠯᠮᠦᠷᠢ ᠬᠦᠴᠦᠨ ᠤ ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠬᠠᠩᠭᠠᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠶᠢ 25000 ᠲᠥᠭᠦᠷᠢᠭ  ᠨᠡᠮᠡᠭᠳᠡᠭᠦᠯᠦᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ 16.5 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢᠨ ᠮᠥᠩᠭᠦ ᠬᠤᠷᠢᠶᠠᠵᠤ᠂ ᠲᠤᠭᠤᠷᠢᠭ ᠤᠨ ᠠᠵᠤ ᠦᠢᠯᠡᠰ ᠤᠨ ᠲᠥᠷᠥᠯ ᠵᠦᠢᠯ ᠵᠢᠴᠢ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ ᠳᠤ ᠬᠡᠷᠡᠭᠯᠡᠵᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号