ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2024/12/17
        12 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠵᠤ᠂ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠹᠦᠵᠢᠶᠠᠨ᠂ ᠠᠨᠾᠦ᠋ᠢ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠤᠯᠠᠭᠠᠨᠬᠠᠳᠠ ᠬᠤᠲᠠ ᠶᠢᠨ ︿ᠠᠷᠪᠢᠴᠢ ᠭᠠᠮᠲᠠᠶ ᠠᠮᠢᠳᠤᠷᠠᠬᠤ ᠳᠠᠳᠬᠠᠯ ﹀  ᠤᠨ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃
C:\Users\Administrator\Desktop\1_副本.jpg
    ᠬᠤᠷᠠᠯ ᠠᠴᠠ ︽2024 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ︵ᠲᠥᠰᠦᠯ︶︾᠂ ︽ᠠᠤᠬᠠᠨ ᠬᠤᠰᠢᠭᠤᠨ ᠤ ᠨᠠᠮ ᠵᠠᠰᠠᠭ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠵᠠᠮ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾᠂ ︽ᠠᠤᠬᠠᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠵᠦ ᠣᠶ ᠮᠣᠳᠣ ᠠᠮᠤ ᠪᠤᠳᠠᠭ᠎ᠠ ᠶᠢ ᠠᠯᠠᠭᠯᠠᠨ ᠬᠢᠬᠦ ᠶᠢ ᠪᠥᠬᠦ ᠲᠠᠯ᠎ᠠ ᠪᠠᠷ ᠴᠠᠭᠠᠵᠠᠯᠠᠬᠤ ᠲᠤᠬᠠᠶ ᠬᠡᠷᠡᠭᠵᠢᠭᠦᠯᠬᠦ ᠲᠥᠰᠦᠯ︾᠂ ︽ᠠᠤᠬᠠᠨ ᠬᠤᠰᠢᠭᠤᠨ ᠤ ᠤᠰᠤᠨ ᠲᠣᠣᠷᠵᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾᠂ ︽ᠠᠤᠬᠠᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠪᠡ᠃    ᠬᠤᠷᠠᠯ ᠠᠴᠠ ᠰᠢᠨ ᠾᠦᠢ ᠬᠤᠲᠠ ᠲᠣᠭᠤᠷᠢᠭ ᠤᠨ ᠬᠡᠶ ᠬᠠᠩᠭᠠᠬᠤ ᠢᠯᠴᠢ ᠬᠠᠩᠭᠠᠬᠤ ᠤᠰᠤ ᠬᠠᠩᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠤᠨ ᠪᠠᠶᠢᠳᠠᠯ᠂ 2025 ᠣᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠬᠤᠲᠠ ᠶᠢᠨ ᠱᠠᠲᠤᠨ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ᠂ ᠪᠥᠬᠦ ᠬᠤᠰᠢᠭᠤᠨ ᠤ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ᠂ ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢᠨ ᠠᠵᠢᠯᠲᠠᠨ ᠤ ᠬᠡᠪᠴᠢᠶᠡᠨ ᠳᠤ ᠲᠣᠬᠢᠷᠠᠭᠤᠯᠤᠯᠲᠠ ᠬᠢᠭᠰᠡᠨ ᠪᠠᠶᠢᠳᠠᠯ᠂ 2024 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ᠂ ᠪᠥᠬᠦ ᠬᠤᠰᠢᠭᠤᠨ ᠤ 2024 ᠣᠨ ᠤ ᠢᠳᠡᠭᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
C:\Users\Administrator\Desktop\2_副本.jpg  
    ᠬᠤᠷᠠᠯ ᠠᠴᠠ ᠥᠪᠥᠷ ᠮᠣᠩᠭᠤᠯ ᠤᠨ ᠪᠡᠭᠡᠵᠢᠩ ᠶᠡᠭᠡ ᠰᠤᠷᠭᠠᠭᠤᠯᠢ ᠶᠢᠨ ᠲᠠᠷᠢᠶᠠᠯᠠᠩ ᠤᠨ ᠲᠡᠵᠢᠭᠡᠯ ᠪᠣᠷᠳᠣᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 30 ᠲᠦᠮᠡᠨ ᠲᠣᠨ ᠲᠡᠵᠢᠭᠡᠯ ᠪᠣᠷᠳᠤᠭ᠎ᠠ  ᠦᠢᠯᠡᠳᠪᠦᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠢᠨ ᠾᠦᠢ ᠪᠠᠯᠭᠠᠰᠤᠨ ᠤ ᠪᠸᠢ ᠴᠧᠩ ᠲᠥᠪᠬᠢᠨᠡᠭᠦᠯᠬᠦ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠵᠢᠴᠢ ᠢᠵᠢ ᠪᠥᠷᠢᠳᠦᠭᠦᠯᠬᠦ ᠬᠥᠮᠥᠷᠭᠡᠯᠡᠨ ᠬᠠᠳᠠᠭᠠᠯᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷ ᠪᠠᠶᠢᠰᠢᠩ ᠤᠨ ᠪᠦᠲᠦᠴᠡ ᠶᠢᠨ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠬᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠭᠦᠯᠬᠦ ᠬᠤᠯᠪᠣᠭᠳᠠᠯ ᠪᠥᠬᠦᠶ  ᠵᠦᠢᠯᠡᠰ ᠢ ᠰᠤᠳᠤᠯᠪᠠ᠃    ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ᠂ ᠬᠠᠳᠠᠭᠠᠯᠠᠯᠲᠠ ᠶᠢᠨ ᠬᠡᠮᠵᠢᠶ᠎ᠡ ᠶᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠬᠦ ᠪᠠᠷ ᠵᠠᠷᠴᠢᠮ ᠪᠣᠯᠭᠠᠵᠤ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠥᠰᠦᠪ ᠤᠨ ᠬᠠᠮᠢᠶᠠᠷᠤᠯᠲᠠ ᠶᠢ ᠴᠢᠩᠳᠠᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠭᠰᠠᠨ ᠲᠥᠰᠦᠪ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠠᠯᠲᠠ ᠱᠠᠭᠠᠷᠳᠠᠯᠭ᠎ᠠ᠂ ᠡᠭᠦᠷᠭᠡ ᠶᠢᠨ ᠲᠤᠬᠢᠷᠠᠭᠤᠯᠤᠯᠳᠠ ᠶᠢ ᠣᠨᠣᠪᠴᠢᠲᠠᠢ ᠡᠵᠡᠮᠳᠡᠵᠦ᠂ ᠦᠩᠭᠡᠨ ᠲᠠᠯ᠎ᠠ ᠶᠢᠨ ᠠᠵᠢᠯ ᠬᠢᠬᠦ ᠶᠢ ᠡᠷᠡᠰ ᠬᠤᠷᠢᠭᠯᠠᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ︽ᠲᠣᠭᠲᠠᠭᠰᠠᠨ ᠬᠥᠳᠡᠯᠭᠡᠭᠡᠨ︾ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠯᠡ ᠪᠥᠭᠡᠳ ᠪᠦᠲᠦᠮᠵᠢᠲᠡᠶ ᠪᠠᠷ ᠥᠷᠨᠢᠭᠦᠯᠬᠦ ᠬᠡᠷᠡᠭᠲᠡᠶ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠨᠠᠷᠢᠨ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ᠂ ᠲᠦᠷᠦᠯ ᠵᠦᠢᠯ ᠢ ᠠᠬᠢᠭᠤᠯᠬᠤ ᠶᠢ ᠬᠡᠷᠡᠭᠵᠢᠭᠦᠯᠵᠦ᠂ ᠲᠦᠷᠭᠡᠨ ᠭᠦᠢᠴᠡᠳᠬᠡᠬᠦ ᠶᠢ ᠴᠢᠩᠭ᠎ᠠ ᠠᠩᠬᠠᠷᠴᠤ᠂ ᠵᠥᠷᠢᠶ᠎ᠡ ᠪᠠᠨ ᠴᠠᠭ ᠲᠤᠬᠠᠢ ᠳᠤᠨᠢ ᠣᠨᠣᠪᠴᠢᠲᠠᠢ ᠣᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号