| ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2024 ᠣᠨ ᠤ ᠪᠣᠬᠢᠷᠲᠤᠯ ᠥᠬᠡᠶ | ᠦᠢᠯᠡᠳᠪᠦᠷᠢ ᠶᠢᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠶ ᠶᠢᠨ | ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ︽ᠪᠣᠬᠢᠷᠲᠤᠯ ᠥᠬᠡᠶ | ᠦᠢᠯᠡᠳᠪᠦᠷᠢᠯᠡᠬᠦ︾ ᠬᠠᠮᠤᠭ ᠤᠨ ᠳᠡᠭᠡᠳᠦ ᠢᠷᠠᠭᠤ ᠠᠯᠳᠠᠷ ᠢ ᠭᠥᠷᠳᠡᠵᠦ᠂ ᠤᠯᠤᠰ ᠤᠨ ᠲᠠᠰ ᠤᠨ ᠪᠣᠬᠢᠷᠲᠤᠯ ᠥᠬᠡᠶ | ᠦᠢᠯᠡᠳᠪᠦᠷᠢ ᠳᠤ ᠠᠮᠵᠢᠯᠲᠠ ᠲᠠᠢ ᠪᠠᠷ ᠰᠣᠩᠭᠤᠭᠳᠠᠪᠠ︕ | ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ | ᠪᠣᠬᠢᠷᠲᠤᠯ ᠦᠭᠡᠢ ᠦᠢᠯᠡᠳᠬᠦ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠦᠢᠯᠡᠳᠪᠦᠷᠢᠯᠡᠯ ᠢ | ᠴᠡᠪᠡᠷᠰᠢᠭᠦᠯᠬᠦ᠂ ᠡᠨᠧᠷᠭᠢ ᠶᠢ ᠪᠠᠭ᠎ᠠ ᠨᠡᠭᠦᠷᠡᠰᠦᠲᠥ᠋ᠷᠥᠭᠴᠢᠵᠢᠬᠦᠯᠬᠦ ᠵᠡᠷᠭᠡ ᠲᠠᠯ᠎ᠠ ᠪᠠᠷ ᠣᠷᠣᠭᠤᠯᠤᠯᠲᠠ ᠪᠠᠨ | ᠨᠡᠮᠡᠭᠳᠡᠭᠦᠯᠵᠦ᠂ ᠪᠣᠬᠢᠷᠲᠤᠯ ᠦᠭᠡᠢ ᠦᠢᠯᠡᠳᠬᠦ ᠡᠯ᠎ᠡ ᠲᠠᠯ᠎ᠠ ᠪᠠᠷ ᠢᠯᠡᠳᠲᠡ ᠦᠷ᠎ᠡ ᠪᠦᠲᠦᠭᠡᠯ ᠣᠯᠵᠤ᠂ 2022 | ᠣᠨ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ ᠳᠤ ᠰᠣᠩᠭᠤᠭᠳᠠᠵᠤ᠂ | 2023 ᠣᠨ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠪᠠᠷ | ᠦᠨᠡᠯᠡᠭᠳᠡᠵᠦ᠂ 2024 ᠣᠨ ᠳᠤ ᠱᠠ ᠮᠥᠸᠧ ᡁᠢ ᠬᠤᠸᠠ ᠨᠢ ᠳᠠᠬᠢᠨᠲᠠ ᠰᠢᠨ᠎ᠡ ᠠᠮᠵᠢᠯᠲᠠ ᠣᠯᠵᠤ᠂ | ᠤᠯᠤᠰ ᠤᠨ ᠲᠡᠰ ᠤᠨ ᠪᠣᠬᠢᠷᠲᠤᠯ ᠦᠭᠡᠢ ᠦᠢᠯᠡᠳᠪᠦᠷᠢ ᠶᠢᠨ ᠱᠠᠩᠨᠠᠯ ᠢ ᠬᠦᠷᠲᠡᠵᠦ᠂ ᠨᠡᠶᠢᠳᠡ 200 ᠲᠦᠮᠡᠨ | ᠲᠥᠭᠦᠷᠢᠭ ᠤᠨ ᠱᠠᠩᠨᠠᠯ ᠤᠨ ᠨᠥᠬᠦᠪᠥᠷᠢ ᠪᠡᠯᠡ ᠮᠥᠩᠬᠦ ᠣᠯᠵᠠᠢ᠃ | ᠣᠲᠣ ᠪᠣᠯᠲᠠᠯ᠎ᠠ᠂ ᠠᠤᠬᠠᠨ ᠬᠤᠰᠢᠭᠤᠨ ᠳᠤ ᠨᠡᠶᠢᠲᠡ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ | 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 5᠂ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ 1 ᠪᠣᠶ᠃ ᠠᠵᠤ ᠠᠬᠤᠶᠢᠯᠠᠯ 400 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠣᠯᠵᠠᠢ᠃ ᠦᠢᠯᠡᠳᠬᠦ ᠦᠢᠯᠡᠰ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠶᠢᠨ ᠲᠥᠯᠥᠭᠡ᠂ | ᠠᠤᠬᠠᠨ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠪᠣᠬᠢᠷᠳᠤᠯ ᠦᠭᠡᠢ | ᠦᠢᠯᠡᠳᠬᠦ ᠵᠢᠱᠢᠶ᠎ᠡ ᠦᠵᠡᠭᠦᠯᠬᠦ ᠨᠢᠭᠡᠴᠡ ᠶᠢ ᠪᠤᠶᠢᠵᠢᠭᠤᠯᠬᠤ ᠪᠠᠷ ᠦᠷᠭᠦᠯᠵᠢᠯᠡᠨ ᠪᠣᠬᠢᠷᠳᠤᠯ ᠦᠭᠡᠢ ᠦᠢᠯᠡᠳᠬᠦ ᠶᠢ | ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠪᠣᠬᠢᠷᠳᠤᠯ ᠦᠭᠡᠢ ᠦᠢᠯᠡᠳᠬᠦ ᠦᠢᠯᠡᠰ ᠤᠨ ᠬᠡᠪ ᠳᠠᠭᠤᠷᠢᠶᠠᠯ ᠢ | ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠢᠷᠤᠮᠵᠢᠭᠰᠠᠨ᠂ | ᠣᠷᠳᠣ ᠬᠤᠭᠤᠴᠠᠭᠠᠨ ᠤ ᠪᠦᠲᠦᠮᠵᠢᠲᠡᠶ ᠪᠤᠶᠢᠵᠢᠭᠤᠯᠬᠤ ᠲᠣᠭᠲᠠᠴᠠ ᠶᠢ ᠲᠦᠷᠭᠡᠳᠬᠡᠨ ᠪᠣᠶ ᠪᠣᠯᠭᠠᠵᠤ᠂ ᠨᠠᠩ ᠣᠯᠠᠨ | ᠪᠣᠬᠢᠷᠳᠤᠯ ᠦᠭᠡᠢ ᠦᠢᠯᠡᠳᠬᠦ ᠬᠤᠰᠢᠭᠤᠴᠢ ᠬᠦᠴᠦᠨ ᠢ ᠪᠣᠶ ᠪᠣᠯᠭᠠᠨ᠎ᠠ᠃ |