| ᠵᠢᠯ ᠤᠨ ᠡᠴᠦᠰ ᠪᠣᠯᠬᠤ ᠲᠠᠰᠢᠷᠠᠮ ᠢᠶᠠᠷ᠂ ᠮᠣᠳᠤᠨ ᠠᠶᠢᠯ ᠰᠢᠶᠠᠩ ᠤᠨ ᠮᠣᠳᠤᠨ ᠠᠶᠢᠯ ᠲᠣᠰᠬᠤᠨ ᠤ ︽ | ᠭᠤᠷᠪᠠ ᠶᠢ ᠨᠢᠭᠡ ᠴᠣᠭᠴᠠᠵᠢᠭᠤᠯᠬᠤ︾ ᠪᠣᠷᠳᠣᠭᠤᠷ ᠨᠠᠶᠢᠷᠠᠭᠤᠯᠬᠤ ᠦᠢᠯᠡᠳᠪᠦᠷᠢ ᠶᠢᠨ ᠲᠠᠰᠤᠭ ᠡᠬᠢᠯᠡᠨ ᠠᠵᠢᠯᠯᠠᠵᠤ | ᠂ ᠳᠠᠷᠠᠭᠠᠯᠠᠨ ᠲᠦᠭᠦᠬᠡᠢ ᠮᠠᠲ᠋ᠧᠷᠢᠶᠠᠯ ᠢ ᠬᠤᠳᠠᠯᠳᠤᠨ ᠣᠷᠣᠭᠤᠯᠵᠤ᠂ ᠬᠤᠯᠢᠮᠠᠭ ᠪᠣᠷᠳᠣᠭᠤᠷ ᠦᠢᠯᠡᠳᠪᠦᠷᠢᠯᠡᠬᠦ ᠪᠠᠷ | ᠪᠡᠯᠡᠳᠭᠡᠵᠦ ᠪᠠᠶᠢᠨ᠎ᠠ᠃ ᠪᠣᠷᠳᠣᠭᠤᠷ ᠲᠣᠬᠢᠷᠠᠭᠤᠯᠬᠤ ᠲᠠᠰᠤᠭ ᠪᠣᠯ ᠮᠣᠳᠣᠨ ᠠᠶᠢᠯ ᠰᠢᠶᠠᠩ ᠤᠨ ᠦᠢᠯᠡᠴᠢᠯᠡᠭᠡᠨ ᠤ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠤᠨ ᠬᠡᠷᠡᠭᠰᠡᠯ ᠤᠨ | ᠥᠪᠡᠷ ᠤᠨ ᠥᠷᠲᠡᠭ ᠢ ᠠᠷᠪᠢᠯᠠᠵᠤ᠂ ᠪᠦᠲᠦᠭᠡᠨ ᠪᠠᠶᠢᠭᠤᠯᠤᠭᠰᠠᠨ ᠦᠢᠯᠡᠳᠪᠦᠷᠢᠯᠡᠯ ᠤᠨ ᠲᠠᠰᠤᠭ ᠪᠣᠯᠤᠨ᠎ᠠ᠂ | ᠭᠤᠣᠯᠳᠠᠭᠤ ᠮᠣᠳᠣᠨ ᠠᠶᠢᠯ ᠰᠢᠶᠠᠩ ᠤᠨ ᠬᠠᠷᠢᠶ᠎ᠠ ᠣᠷᠣᠨ ᠵᠢᠴᠢ ᠣᠶᠢᠷᠠᠯᠴᠠᠭ᠎ᠠ ᠬᠠᠪᠢ ᠶᠢᠨ ᠲᠣᠰᠬᠤᠨ ᠳᠤ | ᠦᠢᠯᠡᠴᠢᠯᠡᠵᠦ᠂ ᠲᠣᠨ ᠪᠦᠷᠢ ᠳᠤ ᠬᠡᠳᠦᠨ ᠵᠠᠭᠤᠨ ᠲᠥᠭᠦᠷᠢᠭ ᠤᠨ ᠬᠢᠮᠢ ᠶᠢᠨ ᠪᠣᠷᠳᠣᠭᠤᠷ ᠬᠡᠷᠡᠭᠯᠡᠨ᠎ᠡ᠃ | ᠬᠥᠳᠡᠭᠡ ᠠᠵᠤ ᠠᠬᠤᠢ ᠪᠠᠷ ᠭᠤᠣᠯ ᠪᠣᠯᠭᠠᠭᠰᠠᠨ ᠲᠤᠮᠤ ᠰᠢᠶᠠᠩ ᠪᠣᠯᠤᠭᠰᠠᠨ ᠤ ᠬᠤᠪᠢ ᠳᠤ᠂ ᠮᠣᠳᠤᠨ ᠠᠶᠢᠯ | ᠰᠢᠶᠠᠩ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠪᠤᠶᠢᠵᠢᠭᠤᠯᠬᠤ᠂ ᠠᠵᠤ ᠦᠢᠯᠡᠰ ᠤᠨ | ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠢ ᠪᠣᠯᠭᠠᠬᠤ ᠪᠠᠷ ᠳᠠᠮᠵᠢᠭᠤᠯᠵᠤ᠂ ᠦᠢᠯᠡᠳᠪᠦᠷᠢᠯᠡᠯ ᠠᠴᠠ ᠢᠯᠭᠠᠵᠤ | ᠪᠣᠷᠣᠯᠠᠭᠤᠯᠬᠤ ᠪᠣᠯᠲᠠᠯ᠎ᠠ ᠡᠷᠬᠢᠨ ᠲᠣᠭᠤᠷᠢᠨ ᠢ ᠨᠥᠯᠥᠭᠡᠯᠡᠵᠦ᠂ ᠬᠡᠯᠬᠢᠶᠡᠵᠢᠭᠰᠡᠨ ᠰᠡᠳᠬᠢᠬᠦᠢ ᠪᠠᠷ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠤᠨ᠎ᠠ᠃ | ᠣᠶᠢᠷ᠎ᠠ ᠶᠢᠨ ᠵᠢᠯ ᠳᠤ᠂ ᠮᠣᠳᠣᠨ ᠠᠶᠢᠯ ᠰᠢᠶᠠᠩ ᠤᠨ ᠬᠥᠳᠡᠭᠡ ᠠᠵᠤ ᠠᠬᠤᠶ ᠶᠢᠨ ᠣᠨᠴᠠᠯᠢᠭᠲᠤ ᠠᠵᠤ | ᠦᠢᠯᠡᠰ ᠢ ᠲᠥᠪᠯᠡᠷᠡᠭᠦᠯᠦᠨ ᠵᠠᠯᠭᠠᠯᠳᠤᠭᠤᠯᠤᠨ ᠬᠥᠭᠵᠢᠭᠦᠯᠵᠦ᠂ ᠮᠣᠳᠣᠨ ᠠᠶᠢᠯ ᠲᠣᠰᠬᠤᠨ ᠤ ᠪᠧᠢ ᠯᠢᠶᠠᠩ ᠮᠢᠩᠭᠠᠨ | ᠮᠦ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠴᠢᠩ ᠱᠠᠨ ᠲᠣᠰᠬᠤᠨ ᠤ ᠰᠢᠨ᠎ᠡ | ᠬᠡᠯᠪᠡᠷᠢ ᠶᠢᠨ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠠᠵᠤ ᠦᠢᠯᠡᠰ ᠤᠨ ᠬᠦᠷᠢᠶᠡᠯᠡᠩ᠂ ᠥᠨᠳᠥᠷ | ᠪᠠᠷᠢᠮᠵᠢᠶᠠᠲᠤ ᠣᠶᠤᠨᠴᠢ ᠲᠥᠬᠦᠭᠡᠷᠦᠮᠵᠢᠲᠦ ᠲᠠᠷᠢᠶᠠᠯᠠᠩ ᠤᠨ ᠬᠥᠬᠡ ᠵᠢᠮᠢᠰᠭᠡᠨ᠎ᠡ ᠶᠢᠨ ᠠᠵᠤ ᠦᠢᠯᠡᠰ ᠤᠨ | ᠬᠦᠷᠢᠶᠡᠯᠡᠩ ᠵᠢᠴᠢ ᠪᠦᠲᠦᠭᠡᠨ ᠪᠠᠶᠢᠭᠤᠯᠵᠤ ᠪᠠᠶᠢᠭ᠎ᠠ ᠤᠯᠠᠭᠠᠬᠤᠰᠤ ᠲᠠᠷᠢᠵᠤ ᠲᠡᠵᠢᠭᠡᠬᠦ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠦᠲᠦᠭᠡᠨ ᠪᠠᠶᠢᠭᠤᠯᠪᠠ︔ ᠨᠢᠭᠡ ᠪᠦᠯᠦᠭ ᠪᠡᠯᠡ | ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠬᠠᠮᠤᠷᠬᠤ ᠬᠦᠷᠢᠶ᠎ᠡ ᠴᠠᠷᠠᠭ᠎ᠠ ᠪᠠᠷ ᠥᠷᠭᠡᠨ ᠬᠥᠲᠥᠯᠥᠨ ᠳᠠᠭᠠᠭᠤᠯᠬᠤ | ᠬᠡᠯᠪᠡᠷᠢ ᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠳᠠᠮᠵᠢᠨ᠂ ᠴᠤᠭᠯᠠᠷᠠᠯ ᠤᠨ ᠦᠢᠯᠡᠳᠦᠯ ᠢ | ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠡᠰ ᠳᠠᠪᠬᠤᠷᠭ᠎ᠠ ᠪᠠ ᠬᠢᠷᠢ ᠲᠦᠪᠰᠢᠨ ᠢ | ᠳᠡᠭᠡᠭᠰᠢᠯᠡᠭᠦᠯᠪᠡ︔ ᠡᠭᠦᠨ ᠤ ᠬᠠᠮᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠢᠲᠡᠨ ᠰᠣᠷᠭᠤᠭ | ᠬᠥᠮᠥᠷᠭᠡ᠂ ᠢᠯᠭᠠᠬᠤ ᠲᠠᠰᠤᠭ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠲᠣᠬᠢᠷᠠᠭᠤᠯᠵᠤ᠂ ᠦᠢᠯᠡᠳᠪᠦᠷᠢᠯᠡᠬᠦ᠂ | ᠪᠣᠭᠤᠳᠠᠯᠯᠠᠬᠤ᠂ ᠪᠣᠷᠣᠯᠠᠭᠤᠯᠬᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠲᠥᠬᠦᠭᠡᠷᠦᠮᠵᠢᠲᠦ | ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠵᠢᠭᠦᠷ ᠤᠷᠭᠤᠭᠤᠯᠪᠠ᠃ | ᠮᠣᠳᠤᠨ ᠠᠶᠢᠯ ᠰᠢᠶᠠᠩ ︽ᠭᠤᠷᠪᠠ ᠶᠢ ᠨᠢᠭᠡ ᠴᠤᠭᠴᠠᠵᠢᠭᠤᠯᠬᠤ︾ ᠳᠤ ᠲᠦᠰᠢᠭᠯᠡᠨ ᠵᠠᠬᠢᠶᠠᠯᠠᠭ᠎ᠠ ᠶᠢᠨ | ᠬᠡᠯᠪᠡᠷᠢ ᠶᠢᠨ ᠲᠠᠷᠢᠮᠠᠯ ᠢ ᠬᠥᠭᠵᠢᠭᠦᠯᠵᠦ᠂ ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠶᠢ ᠬᠡᠯᠬᠢᠶᠡᠵᠢᠭᠰᠡᠨ | ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠵᠠᠮ ᠢᠶᠠᠷ ᠵᠠᠮᠨᠠᠪᠠ᠃ ᠲᠥᠪᠯᠡᠷᠡᠭᠦᠯᠦᠨ ᠵᠠᠯᠭᠠᠯᠳᠤᠭᠤᠯᠬᠤ᠂ | ᠲᠦᠬᠦᠭᠡᠷᠦᠮᠵᠢ ᠶᠢ ᠢᠵᠢ ᠪᠥᠷᠢᠳᠦᠭᠦᠯᠬᠦ᠂ ᠵᠠᠮ ᠢ ᠰᠠᠭᠠᠳ ᠥᠬᠡᠶ ᠨᠡᠪᠲᠡᠷᠡᠭᠦᠯᠬᠦ᠂ ᠬᠤᠭᠤᠯᠠᠶ ᠲᠣᠤᠷ ᠢ ᠬᠠᠷᠢᠯᠴᠠᠨ | ᠬᠤᠯᠪᠣᠯᠳᠤᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠤᠨᠠᠯᠲᠠ ᠪᠠᠭᠠᠲᠠᠶ | ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ︔ ︽ᠭᠤᠷᠪᠠ ᠶᠢ ᠨᠢᠭᠡ | ᠴᠤᠭᠴᠠᠵᠢᠭᠤᠯᠬᠤ︾ ᠪᠣᠷᠳᠣᠭᠤᠷ ᠨᠠᠶᠢᠷᠠᠭᠤᠯᠬᠤ ᠦᠢᠯᠡᠳᠪᠦᠷᠢ ᠶᠢᠨ ᠲᠠᠰᠤᠭ ᠠᠴᠠ ᠬᠠᠨᠳᠤᠯᠭᠠᠲᠤ ᠴᠢᠨᠠᠷᠲᠠᠶ ᠪᠠᠷ | ᠬᠤᠯᠢᠮᠠᠭ ᠪᠣᠷᠳᠣᠭᠤᠷ ᠦᠢᠯᠡᠳᠪᠦᠷᠢᠯᠡᠵᠦ᠂ ᠦᠢᠯᠡᠳᠪᠦᠷᠢᠯᠡᠯ ᠤᠨ ᠬᠡᠷᠡᠭᠰᠡᠯ ᠬᠠᠩᠭᠠᠬᠤ︔ ᠯᠠᠵᠤᠤ ᠲᠠᠷᠢᠬᠤ᠂ | ᠨᠠᠩᠬᠢ ᠡᠷᠳᠡᠨᠢ ᠰᠢᠰᠢ ᠶᠢ ᠵᠠᠬᠢᠶᠠᠯᠠᠭ᠎ᠠ ᠶᠢᠨ ᠬᠡᠯᠪᠡᠷᠢ ᠪᠠᠷ ᠳᠠᠷᠢᠬᠤ ᠭᠡᠷ᠎ᠡ ᠳᠣᠭᠲᠠᠭᠠᠬᠤ︔ ᠴᠢᠬᠢ ᠪᠤᠶᠢᠵᠢᠭᠤᠯᠤᠨ | ᠦᠷ᠎ᠡ ᠬᠠᠩᠭᠠᠵᠤ᠂ ᠮᠡᠷᠭᠡᠵᠢᠯ ᠤᠨ ᠵᠢᠯᠣᠭᠤᠳᠤᠯᠭ᠎ᠠ ᠨᠡᠮᠡᠵᠦ ᠡᠭᠡᠭᠦᠯᠦᠨ ᠬᠤᠷᠢᠶᠠᠬᠤ︔ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ 2024 ᠣᠨ ᠳᠤ | ᠪᠦᠬᠦ ᠰᠢᠶᠠᠩ ᠤᠨ ᠵᠠᠬᠢᠶᠠᠯᠠᠭ᠎ᠠ ᠶᠢᠨ ᠬᠡᠯᠪᠡᠷᠢ ᠪᠠᠷ ᠯᠠᠵᠤᠤ ᠶᠢ 3100 ᠮᠦ᠂ ᠨᠠᠩᠬᠢ ᠡᠷᠳᠡᠨᠢ ᠰᠢᠰᠢ ᠶᠢ 2200 | ᠮᠦ ᠲᠠᠷᠢᠪᠠ︔ | |