ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠳᠤᠯᠠᠭᠠᠯᠭ᠎ᠠ ︾  ᠶᠢᠨ ᠠᠵᠢᠯ ᠢ ᠰᠠᠶᠢᠲᠤᠷ ᠬᠢᠵᠦ᠂ ᠵᠣᠯ ᠵᠢᠷᠭᠠᠯ ᠤᠨ ︽ᠬᠡᠮᠵᠢᠶ᠎ᠡ︾ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/12/19
     2024 ᠣᠨ ᠤ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ᠂  ᠠᠣᠬᠠᠨ ᠬᠤᠰᠢᠭᠤᠨ ᠤ ᠵᠠᠰᠠᠭ ᠤᠨ ᠣᠷᠳᠣᠨ ᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠬᠡᠷᠡᠭᠵᠢᠭᠦᠯᠬᠦ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠨᠠᠷᠢᠨ ᠨᠢᠮᠪᠠᠶ ᠪᠠᠶᠢᠷᠢᠯᠠᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃    ᠨᠢᠭᠡ ᠳᠤ᠂ ᠢᠯᠴᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠪᠡ᠃ ᠳᠤᠯᠠᠭᠠᠯᠭ᠎ᠠ ᠶᠢᠨ ᠢᠨᠵᠧᠨᠧᠷᠢᠩ ᠢ ᠠᠷᠠᠳ ᠤᠨ ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠠᠳᠬᠤᠬᠤ ᠶᠢ ᠪᠠᠷᠢᠮᠲᠠᠯᠠᠵᠤ᠂ ︽ᠢᠷᠡᠯᠲᠡ᠂ ᠲᠣᠣᠷ᠂ ᠦᠷᠲᠡᠭᠡ᠂ ᠦᠵᠦᠭᠦᠷ︾ ᠤᠨ ᠳᠤᠯᠠᠭᠠᠯᠭ᠎ᠠ ᠶᠢᠨ ᠪᠥᠬᠦ ᠬᠡᠯᠬᠢᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠬᠤ ᠶᠢᠨ ᠬᠠᠮᠲᠤ᠂ ᠳᠡᠭᠡᠷ᠎ᠡ ᠳᠤᠯᠠᠭᠠᠯᠭ᠎ᠠ ᠶᠢᠨ ᠤᠯᠠᠷᠢᠯ ᠤᠨ ᠡᠯ᠎ᠡ ᠲᠥᠷᠥᠯ ᠤᠨ ᠵᠠᠭᠠᠯᠳᠤᠯᠭ᠎ᠠ ᠶᠢᠨ ᠬᠡᠷᠡᠭ ᠤᠨ ᠲᠤᠰᠬᠠᠯ ᠲᠥᠪᠯᠡᠷᠡᠭᠰᠡᠨ ᠠᠰᠠᠭᠤᠳᠠᠯ ᠲᠠᠢ ᠤᠶᠠᠯᠳᠤᠭᠤᠯᠤᠨ᠂ ᠢᠯᠴᠢ ᠶᠢᠨ ᠡᠬᠢ ᠰᠤᠷᠪᠤᠯᠵᠢ ᠶᠢ ᠪᠠᠲᠤᠯᠠᠬᠤ᠂ ᠢᠯᠴᠢ ᠶᠢᠨ ᠲᠣᠣᠷ ᠢ ᠰᠢᠨᠡᠳᠬᠡᠬᠦ᠂ ᠢᠯᠴᠢ ᠶᠢᠨ ᠬᠦᠴᠦᠨ ᠤ ᠥᠷᠲᠡᠭᠡ ᠶᠢ ᠳᠡᠭᠡᠭᠰᠢᠯᠡᠭᠦᠯᠬᠦ᠂ ᠤᠶᠤᠨᠴᠢᠯᠠᠬᠤ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠠᠴᠠ ᠳᠤᠯᠠᠭᠠᠯᠭ᠎ᠠ ᠶᠢᠨ ᠢᠨᠵᠧᠨᠧᠷᠢᠩ ᠢ ᠬᠠᠨᠳᠤᠯᠭᠠᠲᠤ ᠴᠢᠨᠠᠷᠲᠠᠶ ᠪᠠᠷ ᠬᠡᠷᠡᠭᠵᠢᠭᠦᠯᠪᠡ᠃ ᠣᠲᠣ ᠪᠣᠯᠲᠠᠯ᠎ᠠ᠂ ᠠᠤᠬᠠᠨ ᠬᠤᠰᠢᠭᠤᠨ ᠤ ᠳᠤᠯᠠᠭᠠᠯᠭ᠎ᠠ ᠶᠢᠨ ᠢᠨᠵᠧᠨᠧᠷᠢᠩ ᠤᠨ ᠥᠭᠡᠷᠡᠴᠢᠯᠡᠯᠲᠡ ᠶᠢᠨ ᠲᠥᠷᠥᠯ ᠵᠦᠢᠯ 2 ᠪᠠᠶᠢᠵᠤ᠂ ᠨᠢᠭᠡᠨᠲᠡ 9422 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠨᠡᠶᠢᠲᠡ 50.91 ᠺᠢᠯᠦᠮᠧᠲᠷ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠵᠦ᠂ 36 ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠵᠦ᠂ 2855 ᠢᠯᠴᠢ ᠬᠠᠩᠭᠠᠬᠤ ᠨᠡᠭᠡᠯᠡᠬᠡᠢ ᠰᠣᠯᠢᠬᠤ ᠵᠡᠷᠭᠡ ᠲᠥᠬᠦᠭᠡᠷᠦᠮᠵᠢ ᠶᠢ ᠥᠭᠡᠷᠡᠴᠢᠯᠡᠪᠡ᠃    ᠬᠤᠶᠠᠷ ᠲᠤ᠂ ᠣᠶᠤᠨᠴᠢ ᠢᠯᠴᠢ ᠬᠠᠩᠭᠠᠯᠲᠠ ᠶᠢᠨ ᠨᠠᠷᠢᠯᠢᠭ ᠣᠨᠤᠪᠴᠢᠲᠠᠢ ᠦᠢᠯᠡᠴᠢᠯᠡᠭᠡ ᠶᠢ ᠪᠡᠶᠡᠯᠡᠭᠦᠯᠪᠡ᠃ ᠳᠤᠯᠠᠭᠠᠴᠠᠬᠤ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠣᠶᠤᠨᠴᠢ ᠪᠠᠷ ᠢᠯᠴᠢ ᠬᠠᠩᠭᠠᠬᠤ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠬᠡᠷᠡᠭᠯᠡᠭᠴᠢᠳ ᠤᠨ ᠲᠠᠭᠠᠯᠠᠮᠵᠢᠲᠠᠶ ᠢᠯᠴᠢ ᠶᠢᠨ  ᠣᠶᠢᠯᠠᠭᠠᠯᠲᠠ ᠪᠠ ᠣᠷᠴᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠢᠨ ᠾᠦᠢ ᠬᠤᠲᠠ ᠲᠣᠭᠤᠷᠢᠭ ᠤᠨ ᠲᠦᠪᠯᠡᠷᠡᠭᠦᠯᠦᠨ ᠢᠯᠴᠢ ᠬᠠᠩᠭᠠᠬᠤ ᠰᠠᠭᠤᠭᠠᠯᠢ ᠠᠷᠠᠳ 3% ᠶᠢᠨ ᠬᠠᠷᠢᠴᠠᠯ ᠢᠶᠠᠷ ᠭᠡᠷ ᠲᠣᠲᠣᠷ᠎ᠠ ᠭᠡᠷ ᠤᠨ ᠲᠤᠯᠠᠭᠠᠴᠠ ᠴᠣᠭᠯᠠᠭᠤᠯᠬᠤ ᠮᠠᠰᠢᠨ ᠤᠭᠰᠠᠷᠠᠵᠤ᠂ ᠭᠡᠷ ᠤᠨ ᠲᠤᠯᠠᠭᠠᠴᠠ ᠴᠣᠭᠯᠠᠭᠤᠯᠬᠤ ᠮᠠᠰᠢᠨ ᠢ 1970 ᠭᠠᠷᠣᠢ ᠤᠭᠰᠠᠷᠠᠵᠤ᠂ ᠭᠡᠷ ᠤᠨ ᠲᠤᠯᠠᠭᠠᠴᠠ ᠶᠢ ᠬᠢᠨᠠᠨ ᠬᠡᠮᠵᠢᠵᠦ ᠣᠷᠢᠳᠴᠢᠯᠠᠨ ᠰᠡᠷᠡᠮᠵᠢᠯᠡᠭᠦᠯᠵᠦ᠂ ᠠᠵᠣ ᠠᠬᠤᠶᠢᠯᠠᠯ ᠢ ᠵᠢᠯᠣᠭᠤᠳᠣᠨ ᠣᠶᠣᠨᠴᠢᠯᠠᠭᠰᠠᠨ ᠲᠣᠬᠢᠷᠠᠭᠤᠯᠣᠨ ᠡᠵᠡᠮᠳᠡᠬᠦ ᠠᠷᠭ᠎ᠠ ᠪᠠᠷᠢᠯ ᠢᠶᠠᠷ ᠲᠠᠮᠵᠢᠨ 20 ~ 22 ᠭᠷᠠᠳᠦ᠋ᠰ ᠲᠤ ᠢᠯᠴᠢ ᠬᠠᠩᠭᠠᠵᠤ᠂ ᠬᠡᠷᠡᠭᠴᠡᠭᠡ ᠶᠣᠰᠣᠭᠠᠷ ᠢᠯᠴᠢ ᠬᠠᠩᠭᠠᠬᠤ᠂ ᠨᠠᠷᠢᠯᠢᠭ ᠣᠨᠣᠪᠴᠢᠲᠠᠢ ᠪᠠᠷ ᠢᠯᠴᠢ ᠬᠠᠩᠭᠠᠬᠤ ᠶᠢ ᠪᠡᠶᠡᠯᠡᠭᠦᠯᠪᠡ᠃    ᠭᠤᠷᠪᠠ ᠳᠤ ᠂ ᠢᠯᠴᠢ ᠬᠠᠩᠭᠠᠬᠤ ᠬᠠᠮᠢᠶᠠᠷᠤᠭᠴᠢ ᠠᠴᠠ ᠠᠰᠠᠭᠤᠳᠠᠯ ᠢ ᠲᠦᠷᠭᠡᠨ ᠰᠢᠢᠳᠪᠦᠷᠢᠯᠡᠪᠡ᠃ ︽ᠢᠯᠴᠢ ᠬᠠᠩᠭᠠᠬᠤ ᠬᠠᠮᠢᠶᠠᠷᠤᠭᠴᠢ︾ ᠶᠢᠨ ᠦᠢᠯᠡᠴᠢᠯᠡᠬᠡᠨ ᠤ ᠳᠦᠷᠢᠮ ᠢ ᠬᠡᠷᠡᠭᠵᠢᠭᠦᠯᠵᠦ᠂ ᠢᠯᠴᠢ ᠬᠠᠩᠭᠠᠬᠤ ᠰᠦᠯᠵᠢᠶᠡᠵᠢᠭᠰᠡᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠵᠢᠵᠢᠭ ᠲᠣᠭᠤᠷᠢᠭ ᠤᠨ ᠥᠮᠴᠢᠲᠡᠨ ᠤ ︽ᠣᠷᠣᠭᠤᠯᠪᠠᠰᠤ ᠵᠣᠬᠢᠬᠤ ᠶᠢ ᠨᠢ ᠪᠦᠬᠦᠨ ᠢ ᠣᠷᠣᠭᠤᠯᠬᠤ︾ ᠶᠢ ᠨᠡᠪᠲᠡᠷᠡᠭᠦᠯᠵᠦ᠂ ᠬᠡᠷᠡᠭᠯᠡᠭᠴᠢ ᠯᠦᠭᠡ ᠶᠢᠨ ᠬᠠᠷᠢᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠵᠠᠭᠠᠯᠳᠤᠬᠤ ᠮᠠᠷᠭᠤᠯᠳᠤᠭᠠᠨ ᠢ ᠤᠷᠢᠳᠴᠢᠯᠠᠨ  ᠰᠡᠷᠭᠡᠶᠢᠯᠡᠵᠦ᠂ ᠠᠰᠠᠭᠤᠳᠠᠯ ᠢ ᠠᠯᠢ ᠴᠢᠳᠠᠬᠤ ᠪᠠᠷ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠳᠣᠬᠠᠨ ᠪᠣᠯᠲᠠᠯ᠎ᠠ᠂ ᠢᠯᠴᠢ ᠬᠠᠩᠭᠠᠬᠤ ᠠᠵᠤ ᠠᠬᠤᠶᠢᠯᠠᠯ ᠨᠡᠶᠢᠲᠡ 177 ᠵᠢᠵᠢᠭ ᠲᠣᠭᠤᠷᠢᠭ ᠲᠤ 36 ᠢᠯᠴᠢ ᠬᠠᠩᠭᠠᠬᠤ ᠬᠤᠭᠤᠯᠠᠶ ᠶᠢ ᠲᠣᠬᠢᠷᠠᠭᠤᠯᠵᠤ᠂ 95 ᠵᠢᠵᠢᠭ ᠲᠣᠭᠤᠷᠢᠭ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ 463 ᠰᠠᠭᠤᠭᠠᠯᠢ ᠠᠷᠠᠳ ᠲᠤ ᠢᠯᠴᠢ ᠬᠠᠩᠭᠠᠬᠤ ᠳᠤᠯᠠᠭᠠᠯᠠᠭ᠎ᠠ ᠶᠢᠨ ᠬᠡᠮᠵᠢᠶ᠎ᠡ ᠬᠦᠷᠦᠯᠴᠡᠬᠦ ᠦᠭᠡᠢ ᠵᠢᠴᠢ ᠨᠡᠭᠡᠯᠡᠬᠡᠶ ᠭᠤᠭᠤᠵᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ ᠥᠭᠴᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号