| ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠦᠨ ᠥᠷᠭᠡᠳᠬᠡᠵᠦ᠂ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ ᠣᠷᠣᠨ ᠤ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠂ ᠵᠠᠯᠭᠠᠮᠵᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠨᠡᠭᠦᠭᠰᠡᠨ ᠣᠯᠠᠨ ᠲᠦᠮᠡᠨ ᠤ ︽ᠨᠡᠭᠦᠵᠦ ᠳᠡᠶᠢᠯᠬᠦ᠂ ᠲᠣᠭᠲᠠᠭᠤᠨ ᠪᠠᠶᠢᠯᠭᠠᠵᠤ ᠳᠡᠶᠢᠯᠬᠦ᠂ ᠪᠠᠶᠠᠵᠢᠵᠤ ᠳᠡᠶᠢᠯᠬᠦ︾ ᠶᠢ | ᠦᠨᠡᠨ ᠬᠦ ᠪᠠᠲᠤᠯᠠᠬᠤ ᠶᠢᠨ ᠲᠥᠯᠥᠭᠡ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢ ᠦᠨᠳᠦᠰᠦᠯᠡᠨ᠂ 2025 ᠣᠨ ᠳᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ | ᠳᠡᠮᠵᠢᠬᠦ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ | ᠵᠣᠯᠭᠠᠭᠤᠯᠬᠤ ᠪᠠᠯᠠ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃ ᠨᠢᠭᠡ ᠳᠤ᠂ ᠲᠥᠷᠥᠯ ᠵᠦᠢᠯ ᠤᠨ | ᠲᠤᠬᠠᠶ ᠶᠢᠨ ᠭᠠᠵᠠᠷ ᠲᠤ ᠭᠦᠨᠵᠡᠭᠡᠶᠢᠷᠡᠵᠦ᠂ ᠰᠢᠶᠠᠩ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠲᠥᠷᠥᠯ ᠵᠦᠢᠯ ᠢ | ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢᠨ | ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠲᠥᠷᠥᠯ ᠵᠦᠢᠯ ᠤᠨ | ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠡᠮᠦᠨᠡᠬᠢ ᠬᠤᠭᠤᠴᠠᠭᠠᠨ ᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠤᠨ ᠭᠠᠵᠠᠷ ᠬᠡᠷᠡᠭᠯᠡᠬᠦ ᠭᠠᠵᠠᠷ ᠰᠣᠩᠭᠤᠬᠤ᠂ ᠡᠨᠧᠷᠭᠢ | ᠠᠷᠪᠢᠯᠠᠬᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠰᠤᠳᠤᠯᠵᠤ ᠪᠣᠯᠬᠤ ᠴᠣᠬᠤᠯᠠᠪᠤᠷᠢ ᠵᠡᠷᠭᠡ | ᠡᠮᠦᠨᠡᠬᠢ ᠬᠤᠭᠤᠴᠠᠭᠠᠨ ᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠵᠦ᠂ ᠡᠮᠦᠨᠡᠬᠢ ᠬᠤᠭᠤᠴᠠᠭᠠᠨ ᠤ ᠠᠵᠢᠯ ᠤᠨ | ᠪᠡᠯᠡᠳᠬᠡᠯ ᠭᠦᠢᠴᠡᠳ ᠪᠠᠶᠢᠬᠤ ᠶᠢ ᠦᠨᠡᠨ ᠬᠦ ᠪᠠᠲᠤᠯᠠᠵᠤ᠂ ᠭᠤᠶᠤᠴᠢᠯᠠᠨ ᠮᠡᠳᠡᠭᠦᠯᠬᠦ ᠲᠥᠷᠥᠯ ᠵᠦᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2025 | ᠣᠨ ᠤ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ 9 ᠲᠥᠷᠥᠯ | ᠵᠦᠢᠯ ᠢ ᠳᠡᠭᠡᠭᠰᠢ ᠮᠡᠳᠡᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 1640 ᠲᠦᠮᠡᠨ | ᠲᠥᠭᠦᠷᠢᠭ ᠪᠣᠯᠤᠨ᠎ᠠ᠂ ᠡᠭᠦᠨ ᠳᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ 5 | ᠂ 625 ᠲᠦᠮᠡᠨ ᠲᠥᠭᠦᠷᠢᠭ᠂ ᠠᠵᠤ ᠦᠢᠯᠡᠰ ᠤᠨ ᠲᠥᠷᠥᠯ ᠵᠦᠢᠯ 4᠂ 1015 ᠲᠦᠮᠡᠨ ᠲᠥᠭᠦᠷᠢᠭ ᠤᠨ ᠪᠠᠯᠠ | ᠣᠷᠤᠭᠤᠯᠤᠨ᠎ᠠ᠃ ᠣᠳᠣᠬᠠᠨ ᠳᠤ ᠲᠥᠪ ᠤᠨ ᠡᠳ᠋ ᠤᠨ ᠵᠠᠰᠠᠭ ᠠᠴᠠ ᠪᠡᠯᠡ ᠮᠥᠩᠭᠦ ᠶᠢ ᠵᠣᠯᠭᠠᠭᠤᠯᠬᠤ 5 ᠲᠦᠷᠦᠯ | ᠵᠦᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠤᠷᠢᠳᠴᠢᠯᠠᠨ ᠪᠠᠭᠤᠯᠭᠠᠵᠤ᠂ ᠶᠡᠷᠦᠩᠬᠡᠢ ᠪᠡᠯᠡ | ᠣᠷᠣᠭᠤᠯᠤᠯᠲᠠ 770 ᠲᠦᠮᠡᠨ ᠲᠥᠭᠦᠷᠢᠭ ᠃ ᠪᠤᠰᠤᠳ 4 ᠲᠥᠷᠥᠯ ᠵᠦᠢᠯ ᠨᠢ ᠨᠢᠭᠡᠨᠲᠡ ᠡᠯ᠎ᠡ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ | ᠦᠷᠭᠦᠯᠵᠢᠯᠡᠨ ᠭᠤᠶᠤᠴᠢᠯᠠᠪᠠ᠃ |