ᠠᠤᠬᠠᠨ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/2
       ᠨᠢᠭᠡ᠂ ᠳᠣᠭᠲᠠᠭᠠᠭᠰᠠᠨ ᠵᠣᠷᠢᠯᠭ᠎ᠠ    ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠠᠶᠢᠭᠤᠯᠤᠨ ᠵᠢᠷᠤᠮᠵᠢᠭᠤᠯᠵᠤ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠭᠠᠮᠰᠢᠭ ᠠᠴᠠ ᠠᠪᠤᠷᠠᠬᠤ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠠᠷᠭᠠᠴᠠᠵᠤ ᠪᠠᠴᠢᠮ ᠠᠪᠤᠷᠠᠨ ᠲᠤᠰᠠᠯᠠᠬᠤ ᠰᠢᠰᠲ᠋ᠧᠮ ᠪᠠ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠯᠠᠭ᠎ᠠ ᠶᠢ ᠵᠢᠷᠤᠮᠵᠢᠭᠤᠯᠤᠨ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠠᠪᠤᠷᠠᠨ ᠲᠤᠰᠠᠯᠠᠬᠤ᠂ ᠠᠶᠤᠯ ᠠᠴᠠ ᠠᠪᠤᠷᠠᠨ ᠲᠤᠰᠠᠯᠠᠬᠤ᠂ ᠭᠠᠮᠰᠢᠭᠳᠠᠭᠰᠠᠨ ᠠᠷᠠᠳ ᠪᠠ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠤᠯᠲᠠ ᠶᠢ ᠲᠦᠷᠭᠡᠨ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠭᠠᠮᠰᠢᠭᠳᠠᠭᠰᠠᠨ ᠣᠷᠣᠨ ᠤ ᠠᠷᠠᠳ ᠣᠯᠠᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃    ᠬᠤᠶᠠᠷ᠂   ᠳᠣᠭᠲᠠᠭᠠᠭᠰᠠᠨ ᠦᠨᠳᠦᠰᠦᠯᠡᠯ   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾᠂ ︽ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾᠂ ︽ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ︾  ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠤᠯᠠᠭᠠᠨᠬᠠᠳᠠ ᠬᠤᠲᠠ ᠶᠢᠨ ᠬᠤᠯᠪᠣᠭᠳᠠᠯ ᠪᠦᠬᠦᠢ ᠭᠠᠮᠰᠢᠭ ᠠᠴᠠ ᠠᠪᠤᠷᠠᠬᠤ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠣᠨ ᠵᠠᠷᠴᠢᠮ ᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠪᠡᠯᠡᠳᠬᠡᠯ ᠲᠥᠰᠥᠯ ᠢ ᠲᠣᠭᠲᠠᠭᠠᠪᠠ᠃    ᠭᠤᠷᠪᠠ᠂ ᠠᠵᠢᠯ ᠤᠨ ᠵᠠᠷᠴᠢᠮ    1. ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠣᠯ ᠭᠡᠨᠡᠳᠲᠡ ᠶᠢᠨ ᠴᠢᠨᠠᠷᠲᠠᠢ ᠪᠠᠶᠢᠭᠠᠯᠢ ᠶᠢᠨ ᠭᠠᠮᠰᠢᠭ ᠢ ᠠᠷᠭᠠᠴᠠᠬᠤ ᠪᠠᠴᠢᠮ ᠠᠵᠢᠯᠯᠠᠭᠠᠨ ᠤ ᠲᠥᠰᠥᠯ ᠮᠥᠨ᠃    2. ᠤᠯᠤᠰ ᠤᠨ ᠭᠠᠮᠰᠢᠭ ᠠᠴᠠ ᠠᠪᠤᠷᠠᠬᠤ ᠠᠵᠢᠯ ᠤᠨ ᠴᠢᠭᠯᠡᠯᠲᠡ ᠶᠢ ᠦᠨᠳᠦᠰᠦᠯᠡᠨ᠂ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ᠂ ᠰᠠᠯᠠᠭ᠎ᠠ ᠮᠥᠴᠢᠷ ᠠᠵᠢᠯ ᠢᠶᠠᠨ ᠬᠤᠪᠢᠶᠠᠷᠢᠯᠠᠨ ᠬᠠᠷᠢᠭᠤᠴᠠᠬᠤ᠂ ᠨᠢᠭᠡᠳᠦᠯᠲᠡᠢ ᠵᠣᠬᠢᠴᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃    3.  ᠬᠦᠮᠦᠨ ᠢᠶᠠᠷ ᠦᠨᠳᠦᠰᠦ ᠪᠣᠯᠭᠠᠵᠤ᠂ ᠠᠷᠠᠳ ᠣᠯᠠᠨ ᠤ ᠠᠮᠢ ᠨᠠᠰᠤ ᠪᠣᠯᠣᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠲᠡᠢ᠃    4. ᠰᠠᠯᠠᠭ᠎ᠠ ᠮᠥᠴᠢᠷ ᠨᠢᠭᠲᠠ ᠬᠠᠮᠵᠢᠯᠴᠠᠨ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃    5. ᠣᠯᠠᠨ ᠲᠦᠮᠡᠨ ᠢ ᠲᠦᠰᠢᠭᠯᠡᠨ᠂ ᠠᠷᠠᠳ ᠣᠯᠠᠨ ᠤ ᠥᠪᠡᠷ ᠢ ᠪᠠᠨ ᠠᠪᠤᠷᠠᠬᠤ ᠵᠣᠬᠢᠶᠠᠨ ᠪᠠᠶᠢᠭᠤᠯᠤᠯᠲᠠ ᠪᠣᠯᠣᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠦᠯᠬᠦᠮ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠤᠯᠤᠰ ᠤᠨ ᠴᠢᠬᠤᠯᠠ ᠪᠦᠬᠦᠢ ᠠᠪᠤᠷᠠᠨ ᠲᠤᠰᠠᠯᠠᠬᠤ ᠪᠠ ᠲᠡᠳᠬᠦᠨ ᠳᠡᠮᠵᠢᠬᠦ ᠶᠢ ᠭᠦᠢᠴᠡᠳ ᠠᠰᠢᠭᠯᠠᠬᠤ ᠬᠡᠷᠡᠭᠲᠡᠢ᠃     ᠳᠥᠷᠪᠡ᠂ ᠬᠡᠷᠡᠭᠯᠡᠬᠦ ᠬᠡᠪᠴᠢᠶ᠎ᠡ    ᠠᠤᠬᠠᠨ ᠬᠤᠰᠢᠭᠤᠨ ᠤ ᠬᠡᠪᠴᠢᠶᠡᠨ ᠳᠤ ᠭᠠᠷᠤᠭᠰᠠᠨ ᠰᠢᠷᠦᠭᠦᠨ ᠪᠣᠷᠣᠭᠠᠨ᠂ ᠬᠦᠢᠲᠡᠨ ᠤᠷᠤᠰᠬᠠᠯ᠂ ᠶᠡᠭᠡ ᠰᠠᠯᠬᠢ ︵ᠡᠯᠡᠰᠦᠨ ᠰᠢᠭᠤᠷᠭ᠎ᠠ︶᠂ ᠳᠣᠣᠷ᠎ᠠ ᠳᠤᠯᠠᠭᠠᠨ᠂ ᠥᠨᠳᠥᠷ ᠳᠤᠯᠠᠭᠠᠨ᠂ ᠭᠠᠩ ᠬᠠᠭᠰᠠᠷᠠᠭᠠᠨ᠂ ᠦᠶᠡᠷ ᠤᠰᠤᠲᠤᠯ᠂ ᠠᠶᠤᠩᠭ᠎ᠠ ᠴᠠᠬᠢᠯᠭᠠᠨ᠂ ᠮᠥᠨᠳᠥᠷ᠂ ᠬᠢᠷᠠᠭᠤ ᠬᠥᠯᠳᠡᠬᠦ ᠪᠠ ᠶᠡᠭᠡ ᠮᠠᠨᠠᠨ ᠵᠡᠷᠭᠡ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ᠂ ᠠᠭᠤᠯᠠ ᠨᠤᠷᠠᠵᠤ ᠶᠡᠭᠦᠷᠡᠬᠦ᠂ ᠰᠢᠪᠠᠷ ᠴᠢᠯᠠᠭᠤᠨ ᠤᠷᠤᠰᠬᠠᠯ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠤᠨ ᠭᠠᠮᠰᠢᠭ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠪᠠ ᠬᠦᠨᠳᠦ ᠶᠡᠭᠡ ᠠᠮᠢᠳᠤ ᠪᠣᠳᠠᠰ ᠤᠨ ᠭᠠᠮᠰᠢᠭ ᠵᠡᠷᠭᠡ ᠪᠠᠶᠢᠭᠠᠯᠢ ᠶᠢᠨ ᠭᠠᠮᠰᠢᠭ ᠵᠢᠴᠢ ᠪᠤᠰᠤᠳ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠬᠢᠯᠡᠭᠦᠯᠬᠦ ᠨᠥᠬᠦᠴᠡᠯ ᠳᠤ ᠬᠦᠷᠦᠭᠰᠡᠨ ᠪᠠᠶᠢᠪᠠᠯ᠂ ᠲᠣᠰ ᠪᠡᠯᠡᠳᠬᠡᠯ ᠲᠥᠰᠥᠯ  ᠢ  ᠬᠡᠷᠡᠭᠯᠡᠨ᠎ᠡ᠃    ᠲᠠᠪᠤ᠂ ᠵᠣᠬᠢᠶᠠᠨ ᠪᠠᠶᠢᠭᠤᠯᠤᠨ ᠵᠢᠯᠤᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ   ᠠᠤᠬᠠᠨ ᠬᠤᠰᠢᠭᠤᠨ ᠤ ᠭᠠᠮᠰᠢᠭ ᠢ ᠪᠠᠭᠠᠰᠬᠠᠬᠤ ᠵᠥᠪᠯᠡᠯ ︵ᠳᠣᠷᠣᠭᠰᠢ ︽ᠭᠠᠮᠰᠢᠭ ᠢ ᠪᠠᠭᠠᠰᠬᠠᠬᠤ ᠵᠥᠪᠯᠡᠯ︾ ᠭᠡᠵᠦ ᠲᠣᠪᠴᠢᠯᠠᠨ᠎ᠠ︶ ᠨᠢ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠮᠵᠢ ᠪᠠᠶᠢᠵᠤ᠂ ᠪᠥᠬᠦ ᠬᠤᠰᠢᠭᠤᠨ ᠤ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠤᠨ ᠲᠥᠷᠥ ᠶᠢᠨ ᠪᠣᠳᠣᠯᠭ᠎ᠠ᠂ ᠳᠦᠷᠢᠮ᠂ ᠲᠥᠯᠦᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠬᠦᠨᠳᠦ ᠶᠡᠭᠡ ᠠᠵᠢᠯᠯᠠᠭ᠎ᠠ ᠶᠢ ᠵᠣᠬᠢᠴᠠᠭᠤᠯᠤᠨ ᠥᠷᠨᠢᠭᠦᠯᠵᠦ᠂ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠥᠮᠥᠨ᠂ ᠡᠳ᠋᠂ ᠪᠣᠳᠠᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠵᠤ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠮᠰᠢᠭ ᠠᠴᠠ ᠠᠪᠤᠷᠠᠬᠤ ᠠᠵᠢᠯ ᠢ  ᠪᠠᠶᠢᠴᠠᠭᠠᠨ᠎ᠠ︔ ᠭᠠᠮᠰᠢᠭ ᠤᠨ ᠪᠠᠶᠢᠳᠠᠯ ᠢ ᠦᠨᠳᠦᠰᠦᠯᠡᠨ ᠭᠠᠮᠰᠢᠭ ᠠᠴᠠ ᠠᠪᠤᠷᠠᠬᠤ ᠲᠤᠬᠠᠢ ᠶᠢᠨ ᠲᠠᠯᠠᠪᠤᠷ ᠤᠨ ᠤᠳᠤᠷᠢᠳᠬᠤ ᠳᠤᠭᠤᠶᠢᠯᠠᠩ ᠲᠣᠮᠢᠯᠠᠨ ᠭᠠᠷᠭᠠᠵᠤ᠂ ᠤᠷᠢᠳᠴᠢᠯᠠᠨ ᠵᠢᠯᠤᠭᠤᠳᠬᠤ ᠪᠠᠷ  ᠳᠣᠭᠲᠠᠭᠠᠨ᠎ᠠ︔ ᠳᠡᠭᠡᠳᠦ ᠱᠠᠲᠤᠨ ᠤ ᠲᠤᠰᠠᠯᠠᠬᠤ ᠪᠠᠷ ᠭᠤᠶᠤᠴᠢᠯᠠᠬᠤ︔ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠭᠠᠮᠰᠢᠭ ᠢ ᠪᠠᠭᠠᠰᠬᠠᠬᠤ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠴᠠᠩᠭᠤᠢ ᠡᠭᠦᠷᠭᠡ ᠶᠢ ᠡᠭᠦᠷᠭᠡᠯᠡᠵᠦ᠂ ᠬᠤᠰᠢᠭᠤᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢ ᠳᠣᠣᠷᠠᠬᠢ ᠮᠡᠲᠦ᠄    ᠪᠦᠷᠢᠯᠳᠦᠭᠦᠨ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ  ᠠᠵᠤ ᠦᠢᠯᠡᠳᠪᠦᠷᠢ ᠮᠡᠳᠡᠭᠡ ᠵᠠᠩᠬᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂  ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠣᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠬᠠᠳᠠ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠷᠠᠳᠢᠣ᠋ ᠲᠧᠯᠸᠢᠰ ᠤᠨ ᠲᠥᠪ ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠵᠡᠪᠰᠡᠭᠲᠦ ᠴᠠᠭᠳᠠᠭ᠎ᠠ ᠶᠢᠨ ᠠᠤᠬᠠᠨ ᠤ ᠳᠤᠮᠳᠠ ᠠᠩᠭᠢ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠂ ᠤᠯᠤᠰ ᠤᠨ ᠴᠠᠬᠢᠯᠭᠠᠨ ᠲᠣᠣᠷ ᠤᠨ ᠠᠣᠬᠠᠨ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ ᠂ ᠳᠤᠮᠳᠠᠲᠤ ᠤᠯᠤᠰ ᠤᠨ ᠴᠢᠯᠠᠭᠤᠨ ᠲᠣᠰᠤᠨ ᠤ ᠠᠣᠬᠠᠨ ᠬᠤᠰᠢᠭᠤᠨ ᠤ ᠬᠤᠪᠢᠶᠠᠷᠢ ᠺᠣᠮᠫᠠᠨᠢ ᠂ ᠰᠢᠯᠵᠢᠮᠡᠯ ᠬᠤᠯᠪᠣᠭᠠᠨ ᠤ ᠠᠤᠬᠠᠨ ᠤ ᠬᠤᠪᠢᠶᠠᠷᠢ ᠺᠣᠮᠫᠠᠨᠢ᠂  ᠨᠢᠭᠡᠲᠦᠮᠡᠯ ᠬᠤᠯᠪᠣᠭᠠᠨ ᠤ ᠠᠤᠬᠠᠨ ᠤ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠠᠤᠬᠠᠨ ᠤ ᠬᠤᠪᠢᠶᠠᠷᠢ ᠺᠣᠮᠫᠠᠨᠢ᠂ ᠳᠤᠮᠳᠠᠲᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠠᠣᠬᠠᠨ ᠬᠤᠰᠢᠭᠤᠨ ᠤ ᠬᠤᠪᠢᠶᠠᠷᠢ ᠺᠤᠮᠫᠠᠨᠢ ᠂ ᠠᠮᠢ ᠨᠠᠰᠤᠨ ᠤ ᠬᠠᠮᠠᠭᠠᠯᠠᠯᠲᠠ ᠶᠢᠨ ᠡᠳ᠋ ᠬᠥᠷᠥᠩᠭᠡ ᠶᠢᠨ ᠠᠣᠬᠠᠨ ᠬᠤᠰᠢᠭᠤᠨ ᠤ ᠰᠠᠯᠪᠤᠷᠢ ᠺᠤᠮᠫᠠᠨᠢ ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠨᠤᠭᠤᠳ ᠪᠣᠯᠣᠨ᠎ᠠ᠃     ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号