ᠴᠠᠩ ᠱᠧᠩ ᠪᠠᠯᠭᠠᠰᠤ᠄ ︽ᠭᠤᠷᠪᠠᠨ ᠠᠯᠬᠤᠮ︾  ᠢᠶᠠᠷ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/12/23
       ᠵᠥᠷᠢᠴᠡᠯ ᠤᠨ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠶ ᠵᠠᠰᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠴᠠᠩ ᠱᠧᠩ ᠪᠠᠯᠭᠠᠰᠤ ᠠᠯᠢ ᠣᠯᠠᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠣᠭᠲᠠᠭᠤᠨ ᠪᠤᠰᠤ ᠬᠦᠴᠦᠨ ᠵᠦᠢᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠬᠠᠷᠢᠶᠠᠲᠤ ᠣᠷᠣᠨ ᠤ ᠳᠣᠲᠣᠷᠠᠬᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠨᠠᠮᠳᠠᠭᠤᠯᠵᠤ᠂ ᠪᠥᠬᠦ ᠪᠠᠯᠭᠠᠰᠤᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃    ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠶᠢ  ᠴᠢᠩᠭᠠᠳᠬᠠᠨ᠎ᠠ᠃ ᠪᠠᠯᠭᠠᠰᠤ ᠲᠣᠰᠬᠤᠨ ᠬᠤᠶᠠᠷ ᠱᠠᠲᠤᠨ ᠤ ᠬᠢᠨ ᠲᠣᠰ ᠲᠣᠰ ᠵᠥᠷᠢᠴᠡᠯ ᠵᠢᠭᠤᠷᠠᠯᠳᠤᠭᠠᠨ ᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠶ ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠣᠳᠣᠬᠠᠨ ᠳᠤ ᠣᠷᠣᠰᠢᠵᠤ ᠪᠠᠶᠢᠭ᠎ᠠ ᠡᠯ᠎ᠡ ᠲᠥᠷᠥᠯ ᠤᠨ ᠲᠣᠪᠤᠶᠢᠮ᠎ᠠ ᠵᠥᠷᠢᠴᠡᠯ ᠵᠢᠭᠤᠷᠠᠯᠳᠤᠭᠠᠨ ᠢ ᠲᠣᠳᠣᠷᠬᠠᠶ ᠡᠮᠬᠢᠯᠡᠪᠡ᠃ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠪᠠᠯᠭᠠᠰᠤᠨ ᠤ ᠲᠣᠮᠢᠯᠠᠭᠰᠠᠨ ᠰᠠᠯᠪᠤᠷᠢ᠂ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠪᠠᠯᠭᠠᠰᠤᠨ ᠤ ᠰᠢᠭᠦᠬᠦ ᠲᠢᠩᠬᠢᠮ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠤ ᠺᠠᠳ᠋ᠷ᠂ ᠰᠦᠯᠵᠢᠶᠡᠨ ᠤ ᠠᠵᠢᠯᠲᠠᠨ ᠵᠡᠷᠭᠡ ᠲᠠᠢ ᠬᠠᠮᠲᠤᠷᠠᠨ ᠢᠳᠡᠪᠬᠢᠲᠡᠶ ᠰᠤᠷᠪᠤᠯᠵᠢᠯᠠᠨ ᠪᠠᠶᠢᠴᠠᠭᠠᠵᠤ᠂ ᠵᠥᠷᠢᠴᠡᠯ ᠵᠢᠭᠤᠷᠠᠯᠳᠤᠭᠠᠨ ᠢ ︽ᠲᠣᠤᠷ ᠲᠠᠲᠠᠬᠤ ᠮᠠᠶ᠋ᠢᠭ︾ ᠢᠶᠠᠷ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠪᠡᠶᠡᠯᠡᠭᠦᠯᠪᠡ᠃    ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠰᠠᠶᠢᠲᠤᠷ ᠠᠳᠬᠤᠨ᠎ᠠ᠃ ᠤᠷᠤᠭ ᠬᠤᠷᠢᠮ ᠬᠡᠷ ᠪᠦᠯᠢ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠠᠵᠤ ᠠᠬᠤᠶ ᠮᠥᠩᠭᠦᠨ ᠭᠦᠢᠯᠭᠡᠭᠡ᠂ ᠵᠣᠭᠤᠰ ᠳᠤᠲᠠᠵᠤ ᠴᠠᠯᠢᠩ ᠥᠷᠢᠲᠦᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠢ ᠨᠢᠭᠡᠳ ᠨᠢᠭᠡ ᠪᠠᠷ ᠰᠤᠳᠤᠯᠤᠨ ᠮᠠᠭᠠᠳᠯᠠᠵᠤ᠂ ᠨᠢᠭᠡᠳ ᠨᠢᠭᠡ ᠪᠠᠷ ᠵᠠᠳᠠᠯᠤᠨ᠂ ᠠᠷᠭᠠᠴᠠᠬᠤ ᠪᠣᠳᠣᠯᠭ᠎ᠠ ᠳᠤᠷᠠᠳᠴᠤ᠂ ᠡᠬᠡ ᠲᠠᠩᠰᠠ ᠪᠠᠶᠢᠭᠤᠯᠤᠨ᠂ ᠬᠠᠷᠢᠭᠤᠴᠠᠯᠭᠠᠲᠠᠨ ᠢ ᠲᠣᠳᠣᠷᠬᠠᠶ ᠠᠷᠢᠯᠭᠠᠬᠤ ᠬᠡᠷᠡᠭᠲᠡᠶ᠃ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠥᠷᠢᠴᠡᠯ ᠢ ᠶᠡᠭᠡ ᠪᠠᠷ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠲᠦᠭᠰᠢᠭᠦᠷᠢ ᠶᠢ ᠦᠨᠡᠯᠡᠨ ᠵᠢᠱᠢᠬᠦ ᠪᠠ ᠮᠡᠳᠡᠭᠡ ᠵᠠᠩᠭᠢ ᠶᠢ ᠵᠠᠷᠯᠠᠨ ᠰᠡᠷᠡᠮᠵᠢᠯᠡᠭᠦᠯᠬᠦ ᠪᠠᠨ ᠴᠢᠩᠭᠠᠳᠬᠠᠨ᠂ ᠬᠡᠷᠡᠭ ᠳᠠᠷᠠᠭᠠᠯᠠᠨ ᠲᠣᠭᠲᠠᠭᠤᠨ ᠡᠵᠡᠮᠳᠡᠬᠦ ᠠᠷᠭ᠎ᠠ ᠬᠡᠮᠵᠢᠶ᠎ᠡ ᠶᠢ ᠬᠥᠮᠦᠨ ᠳᠠᠷᠠᠭᠠᠯᠠᠨ ᠨᠠᠶᠢᠳᠠᠪᠤᠷᠢᠵᠢᠭᠤᠯᠵᠤ᠂ ᠲᠦᠭᠰᠢᠭᠦᠷᠢ ᠪᠠᠷ ᠨᠡᠯᠢᠶᠡᠳ ᠥᠨᠳᠥᠷ ᠪᠠᠶᠢᠭ᠎ᠠ ᠭᠤᠣᠯᠳᠠᠯᠭ᠎ᠠ ᠲᠠᠢ ᠬᠥᠮᠦᠰ ᠢ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠬᠠᠷᠢᠶᠠᠲᠤ ᠣᠷᠣᠨ ᠤ ᠳᠣᠲᠣᠷᠠᠬᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ᠂ ᠨᠡᠶᠢᠭᠡᠮ ᠲᠣᠭᠤᠷᠢᠭ ᠤᠨ ᠵᠠᠯᠠᠷᠠᠭᠤᠯᠤᠭᠰᠠᠨ ᠬᠥᠮᠦᠰ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ᠂ ᠤᠷᠤᠭ ᠤᠨ ᠭᠡᠷ ᠪᠦᠯᠢ ᠵᠣᠯ ᠪᠤᠰᠤ᠂ ᠬᠦᠴᠦᠷᠬᠡᠭᠯᠡᠯ ᠤᠨ ᠬᠡᠯᠪᠡᠷᠢᠯ ᠲᠠᠢ ᠵᠡᠷᠭᠡ ᠭᠤᠣᠯᠳᠠᠯᠭ᠎ᠠ ᠲᠠᠢ ᠬᠥᠮᠦᠰ ᠢ ᠪᠦᠬᠦ ᠲᠠᠯ᠎ᠠ ᠪᠠᠷ ᠠᠩᠬᠠᠷᠴᠤ᠂ ᠬᠥᠳᠡᠯᠦᠯ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠨᠢ ᠬᠥᠮᠦᠨ ᠤ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠪᠦᠲᠦᠮᠵᠢᠲᠡᠢ ᠪᠠᠶᠢᠬᠤ ᠬᠡᠷᠡᠭᠲᠡᠢ᠃ ᠡᠨᠡ ᠵᠢᠯ ᠠᠴᠠ ᠨᠠᠰᠢ᠂ 40 ᠭᠠᠷᠤᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ 40 ᠭᠠᠷᠤᠢ ᠬᠡᠷᠡᠭ ᠢ ᠨᠠᠮᠳᠠᠭᠤᠯᠵᠤ᠂ 3 ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠴᠤ᠂ 3 ᠬᠡᠷᠡᠭ ᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠴᠥᠮ 100% ᠳᠤ  ᠬᠦᠷᠪᠡ᠃    ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ  ᠪᠣᠯᠭᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ ᠤᠬᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠳᠤ ᠤᠷᠤᠭ ᠭᠡᠷ ᠪᠦᠯᠢ ᠶᠢᠨ ᠵᠢᠭᠤᠷᠠᠯᠳᠤᠭᠠᠨ᠂ ᠠᠴᠢᠯᠠᠨ ᠲᠡᠵᠢᠭᠡᠬᠦ ᠵᠢᠭᠤᠷᠠᠯᠳᠤᠭᠠᠨ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠥᠷᠢ ᠥᠭᠴᠡᠭᠡᠨ ᠤ ᠵᠢᠭᠤᠷᠠᠯᠳᠤᠭᠠᠨ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠠᠤᠯᠢ ᠳᠦᠷᠢᠮ ᠤᠨ ᠤᠬᠠᠭᠤᠯᠭ᠎ᠠ ᠶᠢ ᠦᠨᠡᠨᠬᠦ ︽ᠬᠥᠳᠡᠯᠭᠡᠵᠦ︾᠂ ︽ᠠᠮᠢᠳᠤᠯᠢᠭ︾᠂ ︽ᠭᠡᠷᠡᠯᠲᠦᠭᠦᠯᠵᠦ︾᠂ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠤᠨ᠂ ᠵᠡᠭᠡᠯᠢ ᠭᠤᠳᠤᠮᠵᠢ ᠳᠤ ᠭᠦᠨᠵᠡᠭᠡᠶᠢᠷᠡᠵᠦ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠬᠠᠤᠯᠢ ᠶᠣᠰᠣᠭᠠᠷ ᠬᠡᠷᠡᠭ ᠡᠷᠬᠢᠯᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ  ᠪᠣᠯᠭᠠᠪᠠ᠃    ᠳᠠᠷᠠᠭᠠᠴᠢ ᠶᠢᠨ ᠠᠯᠬᠤᠮ ᠳᠤ᠂ ᠴᠠᠩ ᠱᠧᠩ ᠪᠠᠯᠭᠠᠰᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠣᠨᠴᠠᠭᠠᠢ ᠭᠤᠣᠯᠳᠠᠯᠭ᠎ᠠ ᠲᠠᠢ ᠬᠥᠮᠦᠰ ᠲᠤ ᠦᠢᠯᠡᠴᠢᠯᠡᠬᠦ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ︾ ᠪᠠᠶᠢᠬᠤ ᠶᠢ ᠦᠨᠡᠨᠬᠦ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号