ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2025 ᠣᠨ ᠤ ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ  ᠵᠦᠢᠯ ᠢ 55 ᠲᠥᠯᠥᠪᠵᠢᠭᠦᠯᠪᠡ
ᠨᠡᠶᠢᠲᠡᠯᠡᠭᠰᠡᠨ ᠴᠠᠭ᠄
2024/12/23
         ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠷᠥᠯ ᠵᠦᠢᠯ ᠢ ᠲᠥᠯᠥᠪᠵᠢᠭᠦᠯᠬᠦ ᠲᠤᠰᠬᠠᠢ ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠪᠠᠳᠠᠷᠠᠭᠤᠯᠵᠤ᠂ 2025 ᠣᠨ ᠤ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠳᠣᠬᠠᠨ ᠳᠤ᠂ 2025 ᠣᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ 55 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 404 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 106 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ 22 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 122 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 39 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ︔ 33 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 282 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 67 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠥᠷᠥᠯ ᠵᠦᠢᠯ ᠤᠨ ᠬᠠᠮᠢᠶᠠᠷᠤᠯᠲᠠ ᠶᠢᠨ ᠲᠠᠯ᠎ᠠ ᠪᠠᠷ ᠨᠢᠭᠡ ᠳᠤ᠂ ᠢᠳᠡᠪᠬᠢᠲᠡᠶ ᠲᠥᠰᠦᠪᠯᠡᠵᠦ᠂ ᠪᠣᠭᠤᠳᠠᠯᠯᠠᠬᠤ ᠪᠠ ᠨᠢᠭᠡ ᠪᠦᠯᠦᠭ ᠲᠦᠷᠦᠯ ᠵᠦᠢᠯ ᠢ ᠴᠢᠷᠮᠠᠶᠢᠨ ᠣᠯᠬᠤ ᠬᠡᠷᠡᠭᠲᠡᠶ᠃ ᠨᠠᠩ ᠣᠯᠠᠨ ᠨᠠᠩ ᠰᠠᠶᠢᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ᠳᠡᠭᠡᠳᠦ ᠱᠠᠲᠤᠨ ᠤ ᠨᠠᠩ ᠣᠯᠠᠨ ᠪᠠᠯᠠ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠤᠨ᠎ᠠ᠃ ᠬᠤᠶᠠᠷ ᠲᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠢ ᠴᠢᠩᠭ᠎ᠠ ᠠᠩᠬᠠᠷᠬᠤ ᠬᠡᠷᠡᠭᠲᠡᠢ᠃ ᠬᠦᠴᠢᠷ ᠲᠦᠪᠡᠭᠲᠡᠶ ᠠᠰᠠᠭᠤᠳᠠᠯ ᠢ ᠣᠨᠣᠪᠴᠢᠲᠠᠶ ᠡᠷᠢᠵᠦ᠂ ᠡᠪᠦᠯ ᠬᠠᠪᠤᠷ ᠤᠨ ᠠᠰᠢᠭᠲᠠᠶ ᠴᠠᠭ ᠲᠣᠬᠢᠶᠠᠯ ᠢ ᠰᠠᠶᠢᠲᠤᠷ ᠠᠰᠢᠭᠯᠠᠨ᠂ ᠭᠠᠵᠠᠷ ᠬᠡᠷᠡᠭᠯᠡᠬᠦ ᠪᠠᠲᠤᠯᠠᠭ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠷ ᠭᠦᠢᠴᠡᠳᠬᠡᠯ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠶᠢ ᠲᠦᠷᠭᠡᠳᠬᠡᠵᠦ᠂ 2025 ᠣᠨ ᠪᠣᠯᠬᠤ ᠳᠤ ᠪᠠᠷᠢᠯᠭ᠎ᠠ ᠶᠢᠨ ᠤᠯᠠᠷᠢᠯ ᠪᠣᠯᠤᠮᠠᠭᠴᠠ ᠨᠠᠩ ᠣᠯᠠᠨ ᠲᠥᠷᠥᠯ ᠵᠦᠢᠯ ᠢ ᠦᠳᠲᠡᠷ ᠲᠦᠷᠭᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ ᠂ ᠲᠥᠷᠥᠯ ᠵᠦᠢᠯ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ᠂ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠲᠦᠷᠦᠭᠦᠯᠡᠨ ᠰᠠᠶᠢᠲᠤᠷ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠠᠬᠢᠴᠠ ᠵᠡᠷᠭᠡ ᠶᠢ ᠴᠠᠭ ᠲᠤᠬᠠᠶ ᠳᠤᠨᠢ ᠴᠢᠩᠭ᠎ᠠ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号