| ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠬᠥᠳᠡᠭᠡ ᠲᠣᠰᠬᠤᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ | ᠲᠦᠯᠦᠭᠡ ᠂ ᠣᠶᠢᠷ᠎ᠠ ᠳᠤ᠂ ᠶᠢᠨ ᠴᠠᠩ ᠭᠧᠤ ᠯᠢᠶᠠᠩ ᠪᠠᠯᠭᠠᠰᠤᠨ ᠤ ᠲᠠᠷᠢᠶᠠᠯᠠᠩ ᠤᠨ ᠮᠠᠰᠢᠨ ᠤ ᠥᠷᠲᠡᠭᠡ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ | ᠠᠵᠢᠯᠯᠠᠭ᠎ᠠ ᠥᠷᠨᠢᠭᠦᠯᠪᠡ᠃ | ᠪᠠᠯᠭᠠᠰᠤᠨ ᠤ ᠲᠠᠷᠢᠶᠠᠯᠠᠩ ᠤᠨ ᠮᠠᠰᠢᠨ ᠤ ᠥᠷᠲᠡᠭᠡᠨ ᠤ ᠮᠡᠷᠭᠡᠵᠢᠯ ᠤᠨ ᠵᠢᠭᠠᠨ ᠵᠢᠯᠣᠭᠤᠳᠣᠭᠴᠢ ᠲᠣᠰᠬᠤᠨ ᠳᠤ | ᠬᠦᠷᠴᠦ ᠡᠷᠦᠬᠡ ᠳᠤ ᠣᠷᠣᠬᠤ᠂ ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠳᠤ ᠲᠤᠰᠬᠠᠶ ᠵᠢᠯᠣᠭᠤᠳᠣᠯᠭ᠎ᠠ | ᠬᠢᠪᠡ᠃ ︽ᠪᠣᠳᠠᠲᠠᠶ︾ ᠠᠭᠤᠯᠭ᠎ᠠ᠂ ︽ᠠᠮᠢᠳᠤᠯᠢᠭ︾ ᠠᠷᠭ᠎ᠠ ᠮᠠᠶ᠋ᠢᠭ᠂ ︽ᠰᠣᠷᠭᠤᠭ︾ ᠦᠭᠡ ᠶᠡᠷᠢᠶ᠎ᠠ ᠪᠠᠷ | ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠴᠢᠬᠤᠯᠠ ᠴᠢᠨᠠᠷ᠂ ᠲᠠᠷᠢᠶᠠᠯᠠᠩ ᠤᠨ | ᠮᠧᠬᠠᠨᠢᠭ ᠤᠨ ᠠᠵᠢᠯᠯᠠᠭᠤᠯᠬᠤ ᠮᠡᠷᠭᠡᠵᠢᠯ ᠤᠨ ᠭᠤᠤᠯᠳᠠᠯᠭ᠎ᠠ ᠶᠢ ᠲᠠᠶᠢᠯᠪᠤᠷᠢᠯᠠᠪᠠ᠃ ᠡᠭᠦᠨ ᠤ ᠬᠠᠮᠲᠤ᠂ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠂ ᠲᠠᠷᠢᠶᠠᠯᠠᠩ ᠤᠨ ᠮᠠᠰᠢᠨ ᠤ ᠪᠠᠶᠢᠴᠠᠭᠠᠨ ᠬᠢᠨᠠᠬᠤ ᠵᠡᠷᠭᠡ | ᠲᠠᠷᠢᠶᠠᠴᠢᠳ ᠲᠤ ᠠᠰᠢᠭ ᠬᠦᠷᠲᠡᠭᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠲᠠᠷᠢᠶᠠᠯᠠᠩ ᠤᠨ ᠮᠠᠰᠢᠨ ᠢ ᠠᠵᠢᠯᠯᠠᠭᠤᠯᠬᠤ | ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠮᠠᠳᠠᠭ ᠲᠠᠢ ᠠᠰᠠᠭᠤᠳᠠᠯ ᠢ | ᠬᠠᠷᠢᠭᠤᠯᠪᠠ᠃ | ᠲᠣᠰ ᠤᠳᠠᠭᠠᠨ ᠤ ᠲᠠᠶᠢᠯᠤᠮᠵᠢ ᠬᠢᠬᠦ ᠠᠵᠢᠯᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠡᠷᠦᠬᠡ ᠶᠢᠨ ᠮᠡᠳᠡᠯᠭᠡ ᠶᠢᠨ ᠨᠥᠭᠡᠴᠡ ᠶᠢ ᠤᠯᠠᠮ ᠨᠢᠭᠡ ᠠᠯᠬᠤᠮ ᠰᠢᠨᠡᠳᠬᠡᠵᠦ᠂ ᠦᠨᠳᠦᠰᠦᠨ ᠱᠠᠲᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠭᠤᠤᠯ ᠴᠣᠭᠴᠠ ᠶᠢᠨ ᠮᠡᠷᠭᠡᠵᠢᠯ ᠤᠨ ᠬᠢᠷᠢ ᠲᠦᠪᠰᠢᠨ ᠪᠠ | ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠶᠢᠨ ᠴᠢᠩ ᠭᠧᠤ ᠯᠢᠶᠠᠩ | ᠪᠠᠯᠭᠠᠰᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ | ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠲᠡᠶ | ᠲᠤᠯᠭᠠᠭᠤᠷᠢᠯᠠᠯ ᠬᠠᠩᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ | ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ |