ᠠᠤᠬᠠᠨ ᠬᠤᠰᠢᠭᠤᠨ ᠤ ᠢᠲᠡᠭᠡᠮᠵᠢ ᠶᠢᠨ ᠬᠡᠷᠡᠭ ᠤᠨ ᠵᠢᠱᠢᠶ᠎ᠡ ᠪᠥᠬᠦ ᠤᠯᠤᠰ ᠤᠨ ᠱᠠᠩᠨᠠᠯ ᠢ ᠬᠦᠷᠲᠡᠪᠡ
ᠨᠡᠶᠢᠲᠡᠯᠡᠭᠰᠡᠨ ᠴᠠᠭ᠄
2024/12/24
       
C:\Users\Administrator\Desktop\10_副本.jpg    ᠡᠨᠡ ᠵᠢᠯ ᠠᠴᠠ ᠨᠠᠰᠢ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ
ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠠᠤᠬᠠᠨ ᠤ ᠨᠠᠷᠢᠮᠤ ᠶᠢᠨ ᠪᠦᠯᠦᠭᠯᠡᠯ ᠲᠠᠢ ᠬᠤᠯᠪᠣᠭᠠᠯᠠᠨ ᠲᠣᠰ ᠭᠠᠵᠠᠷ ᠤᠨ ᠲᠠᠷᠢᠶᠠᠯᠠᠩ ᠤᠨ ᠤᠨᠴᠠᠯᠢᠬᠳᠤ ᠠᠵᠤ ᠦᠢᠯᠡᠰ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠤᠶᠠᠯᠳᠤᠭᠤᠯᠬᠤ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠢᠲᠡᠭᠡᠮᠵᠢ ᠪᠠᠷ ᠡᠨᠧᠷᠭᠢ ᠣᠯᠭᠤᠬᠤ ᠪᠠᠷ ᠭᠠᠷᠳᠠᠴᠠ ᠪᠣᠯᠭᠠᠵᠤ᠂ ᠭᠠᠵᠠᠷ ᠵᠦᠶ ᠶᠢᠨ ᠲᠡᠮᠳᠡᠭ ᠤᠨ ᠦᠢᠯᠡᠳᠭᠦᠨ ᠤ ᠢᠷᠡᠯᠲᠡ ᠶᠢ ᠡᠷᠢᠬᠦ ᠵᠠᠭᠪᠤᠷ ᠢᠶᠠᠷ ᠳᠠᠮᠵᠢᠭᠤᠯᠤᠨ᠂ ᠨᠠᠷᠢᠮᠤ ᠶᠢᠨ ᠲᠠᠸᠠᠷ ᠤᠨ ᠲᠡᠮᠳᠡᠭ ᠢ ᠭᠤᠶᠤᠴᠢᠯᠠᠬᠤ᠂ ᠬᠡᠷᠡᠭᠯᠡᠬᠦ ᠵᠢᠴᠢ  ᠦᠢᠯᠡᠳᠬᠦᠨ ᠤ  ᠪᠣᠷᠣᠯᠠᠭᠤᠯᠭ᠎ᠠ ᠵᠡᠷᠭᠡ ᠭᠤᠭᠴᠤᠭ᠎ᠠ  ᠶᠢ ᠢᠲᠡᠭᠡᠮᠵᠢ ᠶᠢᠨ ᠡᠯᠧᠮᠧᠨ᠋ᠲ ᠲᠠᠢ  ᠠᠭᠤᠰᠤᠯᠴᠠᠭᠤᠯᠵᠤ ᠂ ᠮᠠᠨ ᠤ ᠬᠤᠰᠢᠭᠤᠨ ᠤ ᠨᠠᠷᠢᠮᠤ ᠶᠢᠨ ᠨᠠᠷᠠᠲᠤ ᠲᠡᠮᠳᠡᠭᠲᠦ ᠶᠢᠨ ᠢᠲᠡᠭᠡᠮᠵᠢ ᠶᠢᠨ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠢᠲᠡᠭᠡᠮᠵᠢᠲᠦ ᠠᠤᠬᠠᠨ ᠤ ᠨᠠᠷᠢᠮᠤ︾ ᠶᠢᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠵᠠᠮ ᠢ ᠨᠡᠭᠡᠭᠡᠪᠡ᠃
C:\Users\Administrator\Desktop\11_副本.jpg
    12 ᠰᠠᠷ᠎ᠠ ᠶᠢᠨ 20 ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠳᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠬᠥᠬᠡᠬᠤᠲᠠ ᠳᠤ ᠬᠤᠷᠠᠯᠳᠤᠵᠤ᠂ ᠠᠵᠢᠯᠯᠠᠭ᠎ᠠ ᠳᠤ ᠵᠢᠷᠭᠤᠳᠤᠭᠠᠷ ᠬᠤᠭᠤᠴᠠᠭᠠᠨ ᠤ ︽ᠰᠢᠨᠬᠤᠸᠠ ᠢᠲᠡᠭᠡᠮᠵᠢᠲᠦ ᠬᠤᠨᠳᠠᠭᠠᠲᠤ︾ ᠪᠦᠬᠦ ᠤᠯᠤᠰ ᠤᠨ ᠰᠢᠯᠢᠳᠡᠭ ᠢᠲᠡᠭᠡᠮᠵᠢ ᠶᠢᠨ ᠬᠡᠷᠡᠭ ᠤᠨ ᠵᠢᠱᠢᠶ᠎ᠡ ᠪᠣᠯᠤᠨ ᠪᠢᠴᠢᠯ ᠸᠢᠳᠢᠣ᠋ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠵᠢᠩᠬᠢᠨᠢ ᠪᠠᠷ ᠨᠡᠶᠢᠲᠡᠯᠡᠪᠡ᠃  ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠬᠤᠰᠢᠭᠤᠨ ᠤ ︽ᠢᠲᠡᠭᠡᠮᠵᠢ + ᠠᠤᠬᠠᠨ ᠤ ᠨᠠᠷᠢᠮᠤ ᠶᠢᠨ ᠠᠵᠤ ᠦᠢᠯᠡᠰ ᠲᠤ ᠡᠨᠧᠷᠭᠢ ᠣᠯᠭᠤᠬᠤ᠂ ᠪᠥᠬᠦ ᠤᠯᠤᠰ ᠤᠨ ᠢᠲᠡᠭᠡᠮᠵᠢ ᠶᠢᠨ ᠰᠢᠯᠢᠳᠡᠭ ᠥᠯᠢᠭᠡᠷ ᠳᠠᠭᠤᠷᠢᠶᠠᠯ ᠢ ᠪᠣᠶ ᠪᠣᠯᠭᠠᠬᠤ︾ ᠨᠡᠶᠢᠲᠡᠯᠢᠭ ᠬᠡᠷᠡᠭ ᠤᠨ ᠵᠢᠱᠢᠶ᠎ᠡ ᠶᠢ ᠪᠣᠶ ᠪᠣᠯᠭᠠᠵᠤ᠂ ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠪᠠ ᠤᠯᠤᠰ ᠲᠤ ᠲᠠᠨᠢᠯᠴᠠᠭᠤᠯᠬᠤ ᠪᠠᠷ ᠳᠡᠮᠵᠢᠨ᠂ ᠮᠠᠨ ᠤ ᠬᠤᠰᠢᠭᠤᠨ ᠤ ︽ᠢᠲᠡᠭᠡᠮᠵᠢ + ᠠᠤᠬᠠᠨ ᠤ ᠨᠠᠷᠢᠮᠤ ᠶᠢᠨ ᠠᠵᠤ ᠦᠢᠯᠡᠰ ᠲᠤ ᠡᠨᠧᠷᠭᠢ ᠣᠯᠭᠤᠵᠤ᠂ ᠪᠥᠬᠦ ᠤᠯᠤᠰ ᠤᠨ ᠢᠲᠡᠭᠡᠮᠵᠢ ᠶᠢᠨ ᠰᠢᠯᠢᠳᠡᠭ ᠥᠯᠢᠭᠡᠷ ᠳᠠᠭᠤᠷᠢᠶᠠᠯ ᠢ ᠪᠣᠶ ᠪᠣᠯᠭᠠᠬᠤ︾ ᠢᠲᠡᠭᠡᠮᠵᠢ ᠶᠢᠨ ᠬᠡᠷᠡᠭᠯᠡᠭᠡᠨ ᠤ ᠵᠢᠱᠢᠶ᠎ᠡ ᠪᠥᠬᠦ ᠤᠯᠤᠰ ᠤᠨ ᠰᠢᠯᠢᠳᠡᠭ ᠢᠲᠡᠭᠡᠮᠵᠢ ᠶᠢᠨ ᠬᠡᠷᠡᠭ ᠤᠨ ᠵᠢᠱᠢᠶ᠎ᠡ ᠶᠢ ᠭᠥᠷᠳᠡᠪᠡ᠃ ᠲᠣᠰ ᠤᠳᠠᠭᠠᠨ ᠤ ᠱᠠᠩᠨᠠᠯ ᠬᠦᠷᠲᠡᠭᠰᠡᠨ ᠨᠢ ᠮᠠᠨ ᠤ ᠬᠤᠰᠢᠭᠤᠨ ᠤ ᠢᠲᠡᠭᠡᠮᠵᠢ ᠶᠢᠨ ᠪᠠᠶᠢᠭᠤᠯᠤᠯᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤᠮᠳᠠᠬᠢ ᠢᠳᠡᠪᠬᠢ ᠦᠢᠯᠡᠳᠦᠯ ᠢ ᠢᠯᠡᠷᠡᠭᠦᠯᠦᠭᠰᠡᠨ ᠪᠥᠭᠡᠳ ︽ᠦᠨᠡᠨᠴᠢ ᠢᠲᠡᠭᠡᠮᠵᠢᠲᠡᠶ ᠠᠤᠬᠠᠨ︾ ᠤ ᠨᠠᠷᠠᠲᠤ ᠲᠡᠮᠳᠡᠭᠲᠦ ᠶᠢ ᠪᠣᠶ ᠪᠣᠯᠭᠠᠬᠤ ᠳᠤ ᠴᠤ  ᠢᠳᠡᠪᠬᠢ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号