| 12 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠬᠡᠰᠡᠭ ᠰᠢᠶᠠᠩ ᠪᠠᠯᠭᠠᠰᠤᠨ ᠤ ᠣᠶᠢᠲᠤ | ᠭᠠᠵᠠᠷ ᠲᠤ ᠬᠦᠷᠴᠦ ᠣᠶ ᠰᠢᠭᠤᠶ ᠶᠢ ᠲᠣᠭᠤᠷᠢᠨ ᠪᠠᠶᠢᠴᠠᠭᠠᠬᠤ ᠵᠢᠴᠢ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ | ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | | | | | ᠵᠠᠩ ᠴᠢ ᠬᠠᠩ ᠨᠠᠷ ᠤᠷᠢᠳ ᠬᠤᠵᠢᠳ ᠰᠠᠯᠪᠤᠷᠢ ᠰᠢᠶᠠᠩ᠂ ᠰᠧ ᠳ᠋ᠤᠤ ᠸᠠᠨ ᠽᠢ ᠪᠠᠯᠭᠠᠰᠤ᠂ ᠬᠤᠸᠠᠩ ᠶᠠᠩ | ᠸᠠ ᠪᠠᠯᠭᠠᠰᠤᠨ ᠳᠤ ᠬᠦᠷᠴᠦ ᠭᠠᠯ ᠰᠡᠷᠭᠡᠶᠢᠯᠡᠬᠦ ᠠᠮᠤᠷ ᠲᠦᠪᠰᠢᠨ ᠪᠠ ᠣᠶᠢᠲᠤ ᠭᠠᠵᠠᠷ ᠢ ᠠᠷᠠᠴᠢᠯᠠᠨ ᠬᠠᠮᠠᠭᠠᠯᠠᠬᠤ | ᠲᠤᠬᠠᠶ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠦ᠂ ᠡᠯ᠎ᠡ ᠭᠠᠵᠠᠷ ᠤᠨ ᠣᠶᠢᠲᠤ ᠣᠷᠣᠨ ᠢ ᠠᠷᠠᠴᠢᠯᠠᠨ | ᠬᠠᠮᠠᠭᠠᠯᠠᠬᠤ᠂ ᠭᠠᠯ ᠰᠡᠷᠭᠡᠶᠢᠯᠡᠨ ᠤᠨᠲᠠᠷᠠᠭᠠᠬᠤ ᠬᠥᠮᠦᠰ ᠤᠨ ᠵᠢᠵᠢᠭᠦᠷᠯᠡᠨ ᠰᠠᠬᠢᠬᠤ᠂ ᠬᠠᠮᠢᠶ᠎ᠠ ᠪᠦᠬᠦᠢ ᠡᠳ᠋ | ᠪᠣᠳᠠᠰ ᠤᠨ ᠨᠥᠭᠡᠴᠡ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠡᠨᠡ ᠡᠪᠦᠯ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠵᠡᠶ᠃ | | | | | ᠵᠠᠩ ᠴᠢ ᠬᠠᠩ ᠤᠢ ᠰᠢᠭᠤᠢ ᠶᠢ ᠲᠣᠭᠤᠷᠢᠨ ᠪᠠᠶᠢᠴᠠᠭᠠᠬᠤ ᠶᠠᠪᠤᠴᠠ ᠳᠠᠭᠠᠨ᠂ ᠤᠢ ᠰᠢᠭᠤᠢ ᠶᠢᠨ | ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ᠂ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ | ᠤᠢᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢᠨ | ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠤᠰᠤ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠡᠩ ᠥᠨᠳᠥᠷ ᠪᠠᠷᠢᠮᠵᠢᠶ᠎ᠠ ᠪᠠᠷ | ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | | | | | ᠵᠠᠩ ᠴᠢ ᠬᠠᠩ᠂ ᠵᠢᠯ ᠤᠨ ᠪᠣᠭᠤᠮᠲᠠ ᠣᠶᠢᠷᠠᠳᠴᠤ᠂ ᠤᠯᠠᠮᠵᠢᠯᠠᠯᠲᠤ ᠲᠠᠬᠢᠯᠭ᠎ᠠ ᠶᠢᠨ ᠠᠵᠢᠯᠯᠠᠭ᠎ᠠ ᠡᠬᠢᠯᠡᠨ | ᠨᠡᠮᠡᠭᠳᠡᠵᠦ᠂ ᠡᠯ᠎ᠡ ᠬᠤᠯᠪᠣᠭᠳᠠᠯ ᠪᠦᠬᠦᠢ ᠨᠢᠭᠡᠴᠡ ᠪᠣᠯᠤᠨ ᠭᠠᠵᠠᠷ ᠣᠷᠣᠨ ᠤ ᠬᠢᠨ ᠣᠳᠣᠬᠠᠨ ᠤ ᠤᠢ ᠰᠢᠭᠤᠢ ᠶᠢᠨ | ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ | ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ | ᠭᠤᠣᠯᠳᠠᠯᠭ᠎ᠠ ᠲᠠᠢ ᠣᠷᠣᠨ ᠪᠦᠰᠡ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠣᠶᠢᠲᠤ ᠣᠷᠣᠨ ᠤ | ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠃ ᠬᠡᠭᠡᠷ᠎ᠡ ᠭᠠᠳᠠᠨ᠎ᠠ ᠭᠠᠯ ᠬᠡᠷᠡᠭᠯᠡᠵᠦ | ᠪᠠᠶᠢᠭ᠎ᠠ ᠪᠠᠶᠢᠳᠠᠯ ᠳᠤ ᠴᠢᠭᠯᠡᠭᠦᠯᠦᠨ ᠶᠡᠬᠡᠪᠡᠷ ᠤᠬᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠵᠦ ᠪᠠᠶᠢᠭ᠎ᠠ ᠪᠠᠶᠢᠳᠠᠯ | ᠭᠠᠷᠬᠤ ᠶᠢ ᠡᠷᠡᠰ ᠬᠤᠷᠢᠭᠯᠠᠵᠤ᠂ ᠥᠷᠭᠡᠨ ᠣᠯᠠᠨ ᠠᠷᠠᠳ ᠲᠦᠮᠡᠨ ᠤ ᠪᠣᠯᠪᠠᠰᠤᠨ ᠳᠠᠬᠢᠯᠭ᠎ᠠ ᠶᠢ ᠬᠥᠲᠥᠯᠥᠨ | ᠵᠢᠯᠣᠭᠤᠳᠬᠤ ᠪᠠ ᠰᠤᠷᠭᠠᠨ ᠬᠥᠮᠦᠵᠢᠭᠦᠯᠵᠦ᠂ ᠣᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠦᠨᠡᠨᠬᠦ | ᠴᠢᠩᠭᠠᠳᠬᠠᠵᠤ᠂ ᠪᠦᠬᠦ ᠬᠤᠰᠢᠭᠤ ᠪᠠᠷ ᠢᠶᠠᠨ ᠣᠶᠢᠲᠤ ᠭᠠᠵᠠᠷ ᠤᠨ ᠭᠠᠯ ᠰᠡᠷᠭᠡᠶᠢᠯᠡᠬᠦ ᠠᠵᠢᠯ ᠢ ᠬᠠᠮᠲᠤᠪᠠᠷ | ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ |