ᠲᠠᠷᠢᠶᠠᠯᠠᠩ ᠤᠨ ᠮᠠᠰᠢᠨ ᠢᠶᠠᠷ ᠲᠠᠷᠢᠶᠠᠯᠠᠩ ᠢ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠢᠶᠠᠷ  ᠦᠢᠯᠡᠳᠪᠦᠷᠢᠯᠡᠯ ᠢ ᠳᠡᠮᠵᠢᠬᠦ  — ᠶᠢᠨ ᠴᠠᠩ ᠭᠸᠦ ᠯᠢᠶᠠᠩ ᠪᠠᠯᠭᠠᠰᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/24
     ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯ ᠢ ᠤᠯᠠᠮ ᠨᠢᠭᠡ ᠠᠯᠬᠤᠮ  ᠴᠢᠩᠭᠠᠳᠬᠠᠵᠤ᠂ ᠬᠥᠳᠡᠭᠡ ᠲᠣᠰᠬᠤᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ  ᠲᠦᠯᠦᠭᠡ ᠂ ᠣᠶᠢᠷ᠎ᠠ ᠳᠤ᠂  ᠶᠢᠨ ᠴᠠᠩ ᠭᠧᠤ ᠯᠢᠶᠠᠩ ᠪᠠᠯᠭᠠᠰᠤᠨ ᠤ ᠲᠠᠷᠢᠶᠠᠯᠠᠩ ᠤᠨ ᠮᠠᠰᠢᠨ ᠤ ᠥᠷᠲᠡᠭᠡ ᠨᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠪᠠᠯᠭᠠᠰᠤᠨ ᠤ ᠲᠠᠷᠢᠶᠠᠯᠠᠩ ᠤᠨ ᠮᠠᠰᠢᠨ ᠤ ᠥᠷᠲᠡᠭᠡᠨ ᠤ ᠮᠡᠷᠭᠡᠵᠢᠯ ᠤᠨ ᠵᠢᠭᠠᠨ ᠵᠢᠯᠣᠭᠤᠳᠣᠭᠴᠢ ᠲᠣᠰᠬᠤᠨ ᠳᠤ ᠬᠦᠷᠴᠦ ᠡᠷᠦᠬᠡ ᠳᠤ ᠣᠷᠣᠬᠤ᠂ ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠳᠤ ᠲᠤᠰᠬᠠᠶ ᠵᠢᠯᠣᠭᠤᠳᠣᠯᠭ᠎ᠠ  ᠬᠢᠪᠡ᠃ ︽ᠪᠣᠳᠠᠲᠠᠶ︾ ᠠᠭᠤᠯᠭ᠎ᠠ᠂ ︽ᠠᠮᠢᠳᠤᠯᠢᠭ︾ ᠠᠷᠭ᠎ᠠ ᠮᠠᠶ᠋ᠢᠭ᠂ ︽ᠰᠣᠷᠭᠤᠭ︾ ᠦᠭᠡ  ᠶᠡᠷᠢᠶ᠎ᠠ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠴᠢᠬᠤᠯᠠ ᠴᠢᠨᠠᠷ᠂ ᠲᠠᠷᠢᠶᠠᠯᠠᠩ ᠤᠨ ᠮᠧᠬᠠᠨᠢᠭ ᠤᠨ ᠠᠵᠢᠯᠯᠠᠭᠤᠯᠬᠤ ᠮᠡᠷᠭᠡᠵᠢᠯ ᠤᠨ ᠭᠤᠤᠯᠳᠠᠯᠭ᠎ᠠ ᠶᠢ ᠲᠠᠶᠢᠯᠪᠤᠷᠢᠯᠠᠪᠠ᠃ ᠡᠭᠦᠨ ᠤ ᠬᠠᠮᠲᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠂ ᠲᠠᠷᠢᠶᠠᠯᠠᠩ ᠤᠨ ᠮᠠᠰᠢᠨ ᠤ ᠪᠠᠶᠢᠴᠠᠭᠠᠨ ᠬᠢᠨᠠᠬᠤ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠲᠠᠷᠢᠶᠠᠯᠠᠩ ᠤᠨ ᠮᠠᠰᠢᠨ ᠢ ᠠᠵᠢᠯᠯᠠᠭᠤᠯᠬᠤ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠮᠠᠳᠠᠭ ᠲᠠᠢ ᠠᠰᠠᠭᠤᠳᠠᠯ ᠢ ᠬᠠᠷᠢᠭᠤᠯᠪᠠ᠃    ᠲᠣᠰ ᠤᠳᠠᠭᠠᠨ ᠤ ᠲᠠᠶᠢᠯᠤᠮᠵᠢ ᠬᠢᠬᠦ ᠠᠵᠢᠯᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠮᠡᠳᠡᠯᠭᠡ ᠶᠢᠨ ᠨᠥᠭᠡᠴᠡ ᠶᠢ ᠤᠯᠠᠮ ᠨᠢᠭᠡ ᠠᠯᠬᠤᠮ ᠰᠢᠨᠡᠳᠬᠡᠵᠦ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠭᠤᠤᠯ ᠴᠣᠭᠴᠠ ᠶᠢᠨ ᠮᠡᠷᠭᠡᠵᠢᠯ ᠤᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂  ᠶᠢᠨ ᠴᠢᠩ ᠭᠧᠤ ᠯᠢᠶᠠᠩ ᠪᠠᠯᠭᠠᠰᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号