| 2024 ᠣᠨ ᠳᠤ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠠᠮᠲᠤᠯᠢᠭ ᠵᠡᠷᠭᠡ | ᠭᠤᠤᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠶᠢᠳᠠᠯ ᠢ ᠬᠢᠨᠠᠨ ᠬᠡᠮᠵᠢᠬᠦ ᠶᠢ | ᠦᠷᠭᠦᠯᠵᠢᠯᠡᠨ ᠴᠢᠩᠭᠠᠳᠬᠠᠵᠤ᠂ ᠪᠥᠬᠦ ᠵᠢᠯ ᠳᠤ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ 43816 | ᠣᠷᠣᠯᠭ᠎ᠠ ᠪᠠᠭᠠᠲᠠᠶ ᠬᠠᠮᠲᠤᠯᠢᠭ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠪᠡᠶᠡᠯᠡᠭᠦᠯᠵᠦ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 736 ᠡᠷᠦᠬᠡ ᠶᠢᠨ | ᠠᠶᠤᠯᠲᠠᠶ ᠬᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ 380 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠵᠣᠬᠢᠶᠠᠨ | ᠪᠠᠶᠢᠭᠤᠯᠤᠨ ᠬᠡᠷᠡᠭᠵᠢᠭᠦᠯᠪᠡ᠃ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠠᠣᠬᠠᠨ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽2024 ᠣᠨ ᠤ | ᠠᠤᠬᠠᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ | ᠰᠢᠨᠡᠳᠬᠡᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠵᠠᠰᠠᠭ ᠵᠠᠬᠢᠷᠭᠠᠨ ᠤ | ᠲᠣᠰᠬᠤᠨ ᠭᠤᠷᠪᠠᠨ ᠱᠠᠲᠤ᠂ ᠳᠡᠭᠡᠷ᠎ᠡ ᠠᠴᠠ ᠳᠣᠷᠣᠭᠰᠢ ᠬᠦᠷᠲᠡᠯ᠎ᠡ᠂ ᠳᠣᠤᠷ᠎ᠠ ᠠᠴᠠ ᠳᠡᠭᠡᠭᠰᠢᠬᠢ ᠬᠥᠳᠡᠭᠡ | ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠬᠤᠤᠰ ᠴᠢᠭᠯᠡᠯᠲᠦ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠪᠠ᠃ ᠡᠨᠡ ᠵᠢᠯ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠠᠮᠤᠷ | ᠲᠦᠪᠰᠢᠨ ᠤ ᠡᠳᠦᠷ ᠲᠤᠲᠤᠮ ᠤᠨ ᠬᠢᠨᠠᠨ ᠬᠡᠮᠵᠢᠯᠲᠡ ᠶᠢᠨ ᠰᠠᠭᠤᠷᠢᠨ ᠳᠡᠭᠡᠷ᠎ᠡ᠂ 8 ᠂ 9 ᠰᠠᠷ᠎ᠠ ᠳᠤ ᠪᠥᠬᠦ | ᠬᠤᠰᠢᠭᠤᠨ ᠳᠤ ᠣᠯᠠᠨ ᠤᠳᠠᠭ᠎ᠠ ᠰᠢᠷᠦᠭᠦᠨ ᠪᠣᠷᠣᠭᠠᠨ ᠣᠷᠣᠵᠤ᠂ ᠲᠤᠶᠢᠯᠰᠢᠷᠡᠭ᠌ᠰᠠᠨ ᠴᠠᠭ ᠠᠭᠤᠷ᠂ ᠬᠥᠳᠡᠭᠡ | ᠲᠣᠰᠬᠤᠨ ᠤ ᠬᠡᠷ ᠪᠠᠶᠢᠰᠢᠩ ᠡᠪᠳᠡᠭᠳᠡᠭᠰᠡᠨ ᠪᠣᠳᠠᠲᠠᠶ ᠪᠠᠶᠢᠳᠠᠯ ᠳᠤ ᠴᠢᠭᠯᠡᠭᠦᠯᠦᠨ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠤᠷᠠᠬᠤ ᠠᠶᠤᠯᠲᠠᠶ ᠬᠡᠷ ᠪᠠᠶᠢᠰᠢᠩ ᠢ ᠵᠢᠭᠰᠠᠭᠠᠨ | ᠪᠠᠶᠢᠴᠠᠭᠠᠵᠤ ᠦᠨᠡᠯᠡᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠬᠤᠭᠤᠴᠠᠭᠠᠨ ᠳᠤ ᠪᠥᠬᠦ | ᠬᠤᠰᠢᠭᠤᠨ ᠤ 326 ᠡᠷᠦᠬᠡ ᠳᠤ ᠭᠠᠮᠰᠢᠭ ᠠᠴᠠ ᠪᠣᠯᠵᠣ ᠬᠡᠷ ᠪᠠᠶᠢᠰᠢᠩ ᠤᠨ ᠠᠮᠤᠷ ᠲᠦᠪᠰᠢᠨ ᠤ ᠴᠢᠨᠠᠷᠲᠠᠶ ᠬᠢᠨᠠᠨ | ᠲᠣᠭᠲᠠᠭᠠᠯᠲᠠ ᠶᠢ ᠪᠡᠶᠡᠯᠡᠭᠦᠯᠪᠡ᠃ ᠪᠣᠶ ᠪᠥᠬᠦᠶ ᠰᠢᠯᠭᠠᠨ ᠦᠨᠡᠯᠡᠬᠦ ᠳᠤ ᠪᠠᠨ C᠂ D ᠲᠠᠰ ᠤᠨ ᠠᠶᠤᠯᠲᠠᠶ ᠬᠡᠷ | ᠪᠠᠶᠢᠰᠢᠩ ᠢᠶᠠᠷ ᠲᠣᠭᠲᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠳ᠋ᠤᠭᠠᠷ ᠬᠠᠰᠤᠬᠤ ᠲᠦᠷᠢᠮ ᠢ | ᠬᠡᠷᠡᠭᠵᠢᠭᠦᠯᠵᠦ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠳᠤ | ᠨᠡᠶᠢᠴᠡᠬᠦ ᠶᠢ ᠨᠢ ᠳᠠᠷᠦ᠋ᠢᠬᠠᠨ ᠥᠭᠡᠷᠡᠴᠢᠯᠡᠨ ᠰᠢᠨᠡᠳᠬᠡᠬᠦ ᠲᠥᠯᠥᠪᠯᠡᠭᠡ ᠳᠤ ᠣᠷᠣᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠪᠡ︔ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠲᠥᠷᠥ ᠶᠢᠨ | ᠪᠣᠳᠣᠯᠭ᠎ᠠ ᠳᠤ ᠨᠡᠶᠢᠴᠡᠬᠦ ᠥᠬᠡᠶ ᠪᠠᠶᠢᠪᠠᠯ᠂ ᠰᠢᠶᠠᠩ ᠪᠠᠯᠭᠠᠰᠤ ᠰᠤᠮᠤ ᠶᠢᠨ ᠵᠠᠰᠠᠭ ᠤᠨ ᠣᠷᠳᠣᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ︶ ᠬᠠᠷᠢᠶ᠎ᠠ | ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷ ᠪᠠᠶᠢᠰᠢᠩ ᠤᠨ ᠥᠮᠴᠢᠯᠡᠯ ᠤᠨ | ᠡᠷᠬᠡᠲᠦ ᠬᠥᠮᠦᠨ ︵ᠬᠡᠷᠡᠭᠯᠡᠭᠴᠢ ᠶᠢᠨ︶ ᠥᠪᠡᠰᠦᠪᠡᠨ ᠪᠠᠯᠠ ᠮᠥᠩᠭᠦ ᠴᠤᠭᠯᠠᠭᠤᠯᠵᠤ ᠪᠠᠶᠢᠭᠠᠳ ᠬᠡᠷ ᠪᠠᠶᠢᠰᠢᠩ ᠢ | ᠰᠡᠯᠪᠢᠨ ᠵᠠᠰᠠᠬᠤ ᠪᠤᠶᠤ ᠳᠠᠬᠢᠨ ᠪᠠᠶᠢᠭᠤᠯᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠤᠨ᠎ᠠ᠃ ᠣᠨᠴᠠ ᠵᠠᠷᠢᠮ | ᠣᠨᠴᠠᠭᠠᠶ ᠬᠡᠷ ᠪᠦᠯᠢ ᠳᠤ ᠪᠠᠷᠢᠯᠭ᠎ᠠ ᠶᠢᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠴᠤ ᠳᠡᠶᠢᠯᠬᠦ ᠥᠬᠡᠶ ᠪᠠᠶᠢᠪᠠᠯ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥᠯ ᠰᠠᠳᠤᠨ ᠢᠶᠠᠨ ᠡᠷᠢᠵᠦ ᠨᠠᠶᠢᠵᠠ ᠨᠥᠬᠦᠳ ᠢᠶᠠᠨ ᠲᠦᠰᠢᠬᠦ᠂ | ᠲᠦᠷ ᠴᠠᠭ ᠲᠦᠷᠢᠶᠡᠰᠦᠯᠡᠬᠦ᠂ ᠵᠣᠯ ᠵᠢᠷᠭᠠᠯᠲᠤ ᠶᠡᠭᠡ ᠬᠦᠷᠢᠶᠡᠯᠡᠩ ᠳᠤ ᠣᠷᠣᠵᠤ ᠰᠠᠭᠤᠬᠤ ᠵᠡᠷᠭᠡ ᠠᠷᠭ᠎ᠠ | ᠮᠠᠶ᠋ᠢᠭ ᠢᠶᠠᠷ ᠲᠡᠭᠦᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠵᠤ᠂ ᠠᠶᠤᠯ ᠲᠠᠢ ᠭᠠᠵᠠᠷ ᠢ | ᠠᠷᠢᠯᠭᠠᠬᠤ ᠠᠴᠠ ᠡᠮᠦᠨ᠎ᠡ᠂ ᠦᠷᠭᠦᠯᠵᠢᠯᠡᠨ ᠣᠷᠣᠰᠢᠨ ᠰᠠᠭᠤᠵᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ︽ᠬᠥᠮᠦᠨ | ᠨᠤᠷᠠᠬᠤ ᠠᠶᠤᠯᠲᠠᠶ ᠬᠡᠷ ᠪᠠᠶᠢᠰᠢᠩ ᠳᠤ ᠣᠷᠣᠬᠤ ᠥᠬᠡᠶ᠂ ᠨᠤᠷᠠᠬᠤ ᠠᠶᠤᠯᠲᠠᠶ ᠬᠡᠷ ᠪᠠᠶᠢᠰᠢᠩ ᠳᠤ ᠬᠦᠮᠦᠨ | ᠰᠠᠭᠤᠬᠤ ᠥᠬᠡᠶ ᠪᠠᠶᠢᠬᠤ︾ ᠶᠢ ᠦᠨᠡᠨ ᠬᠦ ᠪᠡᠶᠡᠯᠡᠭᠦᠯᠪᠡ᠃ | 2024 ᠣᠨ ᠳᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ 380 ᠡᠷᠦᠬᠡ ᠶᠢᠨ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ ᠨᠢᠭᠡᠨᠲᠡ ᠪᠦᠬᠦᠨ ᠢ ᠪᠠᠷᠢᠯᠭ᠎ᠠ | ᠳᠠᠭᠤᠰᠤᠭᠰᠠᠨ ᠪᠥᠭᠡᠳ ᠰᠢᠯᠭᠠᠨ ᠠᠪᠴᠤ᠂ 2025 ᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ | ᠵᠠᠰᠠᠬᠤ ᠲᠥᠯᠥᠪᠯᠡᠭᠡ ᠳᠤ ᠣᠷᠣᠭᠤᠯᠤᠭᠰᠠᠨ ᠪᠠᠶᠢᠨ᠎ᠠ᠃ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ | ᠬᠠᠮᠲᠤᠯᠢᠭ ᠵᠡᠷᠭᠡ ᠭᠤᠤᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠬᠢᠨᠠᠨ ᠬᠡᠮᠵᠢᠬᠦ᠂ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠪᠠ ᠥᠪᠡᠰᠦᠪᠡᠨ ᠬᠡᠷ | ᠪᠠᠶᠢᠰᠢᠩ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ |