ᠠᠤᠬᠠᠨ ᠬᠤᠰᠢᠭᠤᠨ ᠤ ᠱᠦᠨ ᠲᠦᠩ ᠤᠰᠤ ᠬᠠᠩᠭᠠᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ᠄ ᠠᠷᠠᠳ ᠣᠯᠠᠨ ᠲᠠᠢ ᠰᠡᠳᠬᠢᠯ ᠵᠢᠷᠦᠬᠡ ᠪᠠᠨ ᠬᠤᠯᠪᠤᠯᠴᠠᠵᠤ ᠪᠥᠬᠦ ᠬᠦᠴᠦᠨ ᠢᠶᠠᠷ ᠢᠶᠠᠨ ᠤᠰᠤ ᠬᠠᠩᠭᠠᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/12/25
     ᠠᠤᠬᠠᠨ ᠬᠤᠰᠢᠭᠤᠨ ᠤ ᠱᠦᠨ ᠲᠦᠩ ᠤᠰᠤ ᠬᠠᠩᠭᠠᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠢ ᠭᠤᠣᠯᠳᠠᠭᠤ ᠰᠢᠨ ᠾᠦᠢ ᠬᠤᠲᠠ ᠲᠣᠭᠤᠷᠢᠭ ᠤᠨ ᠤᠰᠤ ᠬᠠᠩᠭᠠᠬᠤ ᠠᠵᠢᠯ ᠢ ᠬᠠᠷᠢᠭᠤᠴᠠᠵᠤ᠂ ᠣᠳᠣ ᠭᠤᠷᠪᠠᠳᠤᠭᠠᠷ᠂ ᠳᠥᠷᠪᠡᠳᠦᠭᠡᠷ ᠤᠰᠤᠨ ᠰᠤᠷᠪᠤᠯᠵᠢ ᠲᠤᠰ ᠪᠦᠷᠢ 1 ᠪᠠᠶᠢᠵᠤ᠂ 20 ᠮᠠᠰᠢᠨ ᠴᠠᠬᠢᠯᠭᠠᠨ ᠬᠤᠳᠳᠤᠭ ᠪᠠᠶᠢᠵᠤ᠂ ᠡᠳᠦᠷ ᠪᠦᠷᠢ ᠳᠤᠮᠳᠠᠴᠢ ᠪᠠᠷ 2.8 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠬᠠᠩᠭᠠᠵᠤ ᠪᠠᠶᠢᠨ᠎ᠠ᠃ 2024 ᠣᠨ ᠳᠤ᠂ ᠲᠤᠰ ᠺᠣᠮᠫᠠᠨᠢ ︽ᠠᠮᠤᠷ ᠲᠦᠪᠰᠢᠨ ᠢᠶᠠᠷ ᠤᠰᠤ ᠬᠠᠩᠭᠠᠬᠤ᠂ ᠴᠢᠨᠠᠷ ᠰᠠᠶᠢᠲᠠᠢ ᠦᠢᠯᠡᠴᠢᠯᠡᠬᠦ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢ ᠴᠠᠭ ᠢᠮᠠᠭᠲᠠ ᠤᠰᠤ ᠬᠠᠩᠭᠠᠬᠤ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠤᠯᠠᠨ ᠲᠦᠮᠡᠨ ᠤ ︽ᠴᠡᠪᠡᠷ ᠤᠰᠤ︾᠂ ︽ᠲᠠᠭᠠᠯᠠᠮᠵᠢᠲᠠᠢ ᠤᠰᠤ︾᠂ ︽ᠰᠠᠨᠠᠭ᠎ᠠ ᠠᠮᠤᠷ ᠤᠰᠤ︾ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃    ᠨᠢᠭᠡ ᠳᠤ ᠂ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠎ᠠ᠃ ᠭᠤᠷᠪᠠᠳᠤᠭᠠᠷ ᠤᠰᠤᠨ ᠤ ᠡᠬᠢ ᠰᠤᠷᠪᠤᠯᠵᠢ ᠬᠦᠷᠦᠯᠴᠡᠬᠦ ᠦᠭᠡᠶ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠢᠳᠡᠪᠬᠢᠲᠡᠶ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂  ᠰᠢᠢᠳᠪᠦᠷᠢᠯᠡᠬᠦ ᠲᠥᠰᠦᠯ ᠢ ᠰᠤᠳᠤᠯᠤᠨ  ᠲᠣᠭᠲᠠᠭᠠᠨ᠎ᠠ᠃ 19 ᠲᠦᠮᠡᠨ ᠲᠥᠭᠦᠷᠢᠭ ᠤᠨ ᠪᠡᠯᠡ ᠣᠷᠣᠭᠤᠯᠵᠤ᠂  ᠭᠤᠷᠪᠠᠳᠤᠭᠠᠷ ᠤᠰᠤᠨ ᠤ ᠰᠤᠷᠪᠤᠯᠵᠢ ᠶᠢᠨ ᠥᠨᠳᠥᠷ ᠪᠠᠶᠢᠷᠢᠰᠢᠯ ᠤᠨ ᠤᠰᠤᠨ ᠤ ᠦᠢᠯᠡᠳᠪᠦᠷᠢ ᠶᠢᠨ ᠬᠦᠷᠢᠶᠡᠨ ᠳᠤ 1 ᠮᠠᠰᠢᠨ ᠴᠠᠬᠢᠯᠭᠠᠨ ᠬᠤᠳᠳᠤᠭ ᠰᠢᠨ᠎ᠡ ᠪᠠᠷ ᠮᠠᠯᠲᠠᠵᠤ᠂ ᠡᠳᠦᠷ ᠤᠨ ᠤᠰᠤ ᠭᠠᠷᠭᠠᠬᠤ ᠬᠡᠮᠵᠢᠶ᠎ᠡ ᠨᠢ 50 ᠪᠣᠰᠤᠭ᠎ᠠ ᠳᠥᠷᠪᠡᠯᠵᠢᠨ ᠮᠧᠲᠷ / ᠴᠠᠭ᠂ 560 ᠮᠧᠲᠷ ᠥᠨᠳᠥᠷ ᠬᠦᠴᠦᠳᠡᠯᠲᠦ ᠴᠠᠬᠢᠯᠭᠠᠨ ᠤᠲᠠᠰᠤ ᠶᠢ ᠢᠵᠢ ᠪᠦᠷᠢᠳᠦᠭᠦᠯᠦᠨ ᠳᠡᠪᠢᠰᠴᠦ᠂ ᠠᠵᠢᠯᠯᠠᠭᠰᠠᠨ ᠠᠴᠠ ᠨᠠᠰᠢ ᠬᠡᠪ ᠤᠨ ᠤᠰᠤ ᠬᠠᠩᠭᠠᠵᠤ᠂ ᠤᠰᠤᠨ ᠤ ᠡᠬᠢ ᠰᠤᠷᠪᠤᠯᠵᠢ ᠭᠦᠢᠴᠡᠳ᠂ ᠤᠰᠤᠨ ᠤ ᠴᠢᠨᠠᠷ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃    ᠬᠤᠶᠠᠷ ᠲᠤ᠂ ᠦᠶᠡᠷ ᠲᠠᠢ ᠲᠡᠮᠡᠴᠡᠵᠦ ᠠᠶᠤᠯ ᠠᠴᠠ ᠠᠪᠤᠷᠠᠵᠤ᠂ ᠠᠮᠤᠷ ᠲᠦᠪᠰᠢᠨ ᠢ ᠬᠦᠴᠦᠯᠡᠨ  ᠪᠠᠲᠤᠯᠠᠨ᠎ᠠ ᠃ ᠳᠥᠷᠪᠡᠳᠦᠭᠡᠷ ᠤᠰᠤᠨ ᠰᠤᠷᠪᠤᠯᠵᠢ ︵ᠯᠤᠤᠬ᠎ᠠ ᠶᠢᠨ ᠭᠤᠣᠯ︶ ᠶᠢᠨ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ 120 ᠭᠠᠷᠤᠢ ᠬᠥᠮᠥᠨ ᠤᠳᠠᠭ᠎ᠠ ᠬᠥᠳᠡᠯᠭᠡᠵᠦ᠂ 80 ᠭᠠᠷᠤᠢ ᠮᠠᠰᠢᠨ ᠲᠡᠷᠭᠡ ᠬᠥᠳᠡᠯᠭᠡᠵᠦ᠂ ᠨᠡᠶᠢᠭᠡᠮ ᠤᠨ ᠬᠥᠮᠥᠰ ᠢ 70 ᠭᠠᠷᠤᠢ ᠬᠥᠮᠥᠨ ᠤᠳᠠᠭ᠎ᠠ ᠬᠥᠯᠥᠰᠦᠯᠡᠵᠦ᠂ 300 ᠤᠭᠤᠲᠠ ᠡᠯᠡᠰᠦᠨ ᠤᠭᠤᠲᠠ ᠬᠤᠳᠠᠯᠳᠤᠨ ᠠᠪᠴᠤ᠂ ᠤᠰᠤᠨ ᠰᠤᠷᠪᠤᠯᠵᠢ ᠶᠢᠨ ᠬᠤᠳᠳᠤᠭ ᠤᠨ ᠬᠠᠰᠢᠯᠭ᠎ᠠ ᠶᠢ 200 ᠭᠠᠷᠤᠢ  ᠮᠧᠲᠷ ᠱᠠᠯᠠᠪᠳᠠᠨ ᠵᠠᠰᠠᠵᠤ᠂ 7 ᠤᠰᠤᠨ ᠰᠤᠷᠪᠤᠯᠵᠢ ᠶᠢᠨ ᠬᠤᠳᠳᠤᠭ ᠢ ᠴᠡᠪᠡᠷᠯᠡᠨ ᠠᠷᠢᠯᠭᠠᠵᠤ᠂ 40 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠷᠠᠳ ᠣᠯᠠᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠠᠲᠤᠯᠠᠪᠠ᠃    ᠭᠤᠷᠪᠠ ᠳᠤ᠂ ᠭᠤᠣᠯ ᠠᠵᠢᠯ ᠳᠤ ᠰᠠᠭᠤᠷᠢᠯᠠᠵᠤ᠂ ᠪᠠᠶᠢᠭᠤᠯᠵᠤ ᠵᠠᠰᠠᠬᠤ ᠶᠢ ᠤᠶᠠᠯᠳᠤᠭᠤᠯᠤᠨ᠎ᠠ᠃ 15 ᠲᠦᠮᠡ ᠭᠠᠷᠤᠶ ᠲᠥᠭᠦᠷᠢᠭ ᠤᠨ ᠪᠡᠯᠡ ᠣᠷᠣᠭᠤᠯᠵᠤ ᠰᠢᠨ ᠵᠧᠦ ᠵᠡᠭᠡᠯᠢ᠂ ᠾᠦᠢ ᠵᠧᠦ ᠵᠡᠭᠡᠯᠢ ᠳᠤ ᠳᠠᠷᠤᠯᠲᠠ ᠥᠭᠬᠦ ᠲᠥᠬᠦᠭᠡᠷᠦᠮᠵᠢ 2 ᠰᠠᠭᠤᠷᠢ ᠤᠭᠰᠠᠷᠠᠵᠤ᠂ ᠬᠡᠰᠡᠭ ᠵᠢᠵᠢᠭ ᠲᠣᠭᠤᠷᠢᠭ ᠤᠨ ᠤᠰᠤᠨ ᠤ ᠳᠠᠷᠤᠯᠲᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠠᠶᠢᠵᠢᠷᠠᠭᠤᠯᠪᠠ᠃ ᠪᠥᠬᠦ ᠵᠢᠯ ᠳᠤ ᠬᠤᠲᠠ ᠲᠣᠭᠤᠷᠢᠭ ᠤᠨ ᠲᠣᠮᠣ ᠳᠤᠮᠳᠠ ᠬᠡᠯᠪᠡᠷᠢ ᠶᠢᠨ ᠰᠡᠯᠪᠢᠨ ᠵᠠᠰᠠᠭᠰᠠᠨ ᠨᠢ ᠨᠡᠶᠢᠲᠡ 710 ᠤᠳᠠᠭ᠎ᠠ ︵ᠡᠭᠦᠨ ᠳᠤ ᠬᠤᠭᠤᠯᠠᠶ ᠭᠤᠣᠷᠰᠤ ᠶᠢᠨ ᠰᠡᠯᠪᠢᠨ ᠵᠠᠰᠠᠭᠰᠠᠨ 448 ᠭᠠᠵᠠᠷ︶ ᠪᠠᠶᠢᠵᠤ᠂ ᠨᠡᠭᠡᠯᠡᠬᠡᠶ 45 ᠰᠠᠭᠤᠷᠢ  ᠰᠡᠯᠪᠢᠵᠦ ᠵᠠᠰᠠᠨ  ᠰᠣᠯᠢᠵᠤ᠂ ᠨᠡᠭᠡᠯᠡᠬᠡᠶ ᠮᠠᠯᠲᠠᠬᠤ 28 ᠬᠤᠳᠳᠤᠭ ᠢ ᠴᠡᠪᠡᠷᠯᠡᠨ ᠭᠠᠷᠭᠠᠵᠤ᠂ 49 ᠭᠠᠵᠠᠷ ᠨᠤᠷᠠᠭᠠᠨ ᠨᠡᠭᠦᠯᠭᠡᠬᠦ ᠲᠣᠭᠤᠷᠢᠭ ᠤᠨ ᠤᠰᠤ  ᠶᠢ ᠵᠣᠭᠰᠣᠭᠠᠵᠤ᠂ 43 ᠭᠠᠵᠠᠷ ᠬᠤᠭᠤᠯᠠᠶ ᠭᠤᠣᠷᠰᠤ ᠶᠢᠨ ᠨᠡᠭᠦᠯᠭᠡᠵᠦ᠂ ᠪᠤᠰᠤᠳ ᠤᠰᠤ ᠬᠠᠩᠭᠠᠬᠤ ᠳᠠᠭᠠᠯᠲᠠ ᠲᠥᠬᠦᠭᠡᠷᠦᠮᠵᠢ ᠶᠢ ᠰᠣᠯᠢᠵᠤ ᠤᠭᠰᠠᠷᠠᠭᠰᠠᠨ ᠨᠢ 59 ᠪᠠᠶᠢᠵᠤ᠂ ᠤᠰᠤ ᠬᠠᠩᠭᠠᠬᠤ ᠠᠮᠤᠷ ᠲᠦᠪᠰᠢᠨ ᠲᠣᠭᠲᠠᠭᠤᠨ ᠢᠶᠠᠷ ᠡᠵᠡᠩᠨᠡᠬᠦ ᠶᠢ ᠦᠨᠡᠨ ᠬᠦ ᠪᠠᠲᠤᠯᠠᠪᠠ᠃      ᠳᠥᠷᠪᠡ ᠳᠤ᠂ ᠡᠮᠬᠢ ᠵᠢᠷᠤᠮ ᠢ ᠬᠠᠮᠠᠭᠠᠯᠠᠵᠤ᠂ ᠬᠠᠤᠯᠢ ᠶᠣᠰᠣᠭᠠᠷ  ᠪᠠᠶᠢᠴᠠᠭᠠᠨ᠎ᠠ᠃ ᠤᠰᠤ ᠬᠠᠩᠭᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠥᠷᠭᠡᠨ ᠣᠯᠠᠨ ᠠᠷᠠᠳ ᠲᠦᠮᠡᠨ ᠳᠤ ᠰᠠᠶᠢᠨ ᠰᠠᠶᠢᠬᠠᠨ ᠤᠰᠤ ᠬᠡᠷᠡᠭᠯᠡᠬᠦ ᠣᠷᠴᠢᠨ ᠲᠣᠭᠤᠷᠢᠨ ᠢ ᠬᠠᠩᠭᠠᠬᠤ ᠶᠢᠨ ᠲᠥᠯᠥᠭᠡ᠂ ᠬᠠᠤᠯᠢ ᠠᠴᠠ ᠵᠥᠷᠢᠴᠡᠨ ᠤᠰᠤ ᠶᠢ ᠬᠤᠯᠠᠭᠠᠶᠢᠯᠠᠬᠤ᠂ ᠳᠤᠷ᠎ᠠ ᠪᠠᠷ ᠢᠶᠠᠨ ᠲᠠᠲᠠᠵᠤ ᠵᠠᠯᠭᠠᠬᠤ᠂ ᠨᠠᠶᠢᠷ ᠲᠠᠯ᠎ᠠ ᠶᠢᠨ ᠤᠰᠤ ᠬᠡᠷᠡᠭᠯᠡᠬᠦ ᠵᠡᠷᠭᠡ ᠦᠵᠡᠭᠳᠡᠯ ᠳᠤ ᠴᠢᠭᠯᠡᠭᠦᠯᠦᠨ᠂ ᠺᠣᠮᠫᠠᠨᠢ ᠶᠢᠨ ᠪᠠᠶᠢᠴᠠᠭᠠᠬᠤ ᠰᠠᠯᠠᠭ᠎ᠠ ᠮᠥᠴᠢᠷ ᠭᠤᠤᠯᠳᠠᠯᠭ᠎ᠠ ᠲᠠᠢ ᠤᠰᠤ ᠬᠡᠷᠡᠭᠯᠡᠬᠦ ᠶᠢ ᠪᠠᠶᠢᠴᠠᠭᠠᠬᠤ ᠪᠠ ᠤᠯᠠᠷᠢᠯ ᠤᠨ ᠴᠢᠨᠠᠷᠲᠠᠶ ᠤᠰᠤ ᠬᠡᠷᠡᠭᠯᠡᠬᠦ ᠶᠢ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠵᠢᠯ ᠳᠤ ᠠᠵᠢᠯ ᠤᠨ ᠬᠠᠭᠤᠳᠠᠰᠤ ᠶᠢ 192 ᠬᠤᠪᠢ ︵ᠭᠠᠵᠠᠷ︶ ᠶᠢ ᠬᠢᠨᠠᠨ ᠬᠠᠷᠭᠤᠭᠤᠯᠵᠤ᠂ ᠬᠦᠰᠦᠨᠦᠭᠲᠦ᠂ ᠤᠰᠤ ᠬᠡᠷᠡᠭᠯᠡᠬᠦ  27 ᠡᠷᠦᠬᠡ ᠶᠢ ᠪᠠᠶᠢᠴᠠᠭᠠᠨ ᠰᠢᠢᠳᠪᠦᠷᠢᠯᠡᠵᠦ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ 1 ᠡᠷᠦᠬᠡ ᠶᠢ  ᠰᠢᠢᠳᠪᠦᠷᠢᠯᠡᠭᠦᠯᠵᠦ᠂ ᠺᠣᠮᠫᠠᠨᠢ ᠳᠤ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号