ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠡᠨᠡ ᠡᠪᠦᠯ ᠢᠷᠡᠬᠦ ᠬᠠᠪᠤᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠪᠠᠶᠢᠷᠢᠯᠠᠭᠤᠯᠵᠤ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/12/25
    ᠡᠨᠡ ᠡᠪᠦᠯ ᠢᠷᠡᠬᠦ ᠬᠠᠪᠤᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 24 ᠤ ᠡᠳᠦᠷ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠨᠡ ᠡᠪᠦᠯ ᠢᠷᠡᠬᠦ ᠬᠠᠪᠤᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ᠃    ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠤᠢ ᠯᠢᠨ ᠹᠧᠩ ᠳᠡᠭᠡᠳᠦ ᠱᠠᠲᠤᠨ ᠤ ᠡᠨᠡ ᠡᠪᠦᠯ ᠢᠷᠡᠬᠦ ᠬᠠᠪᠤᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠠᠮᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠭᠰᠠᠨ ᠪᠥᠭᠡᠳ ᠡᠨᠡ ᠡᠪᠦᠯ ᠢᠷᠡᠬᠦ ᠬᠠᠪᠤᠷ ᠤᠨ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ᠨᠢᠭᠡ ᠳᠤ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠬᠡᠪᠴᠢᠶᠡᠨ ᠳᠠᠬᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠲᠠᠷᠢᠶᠠᠯᠠᠩ ᠤᠨ ᠮᠠᠰᠢᠨ ᠤ ᠬᠤᠷᠰᠢᠶ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ᠂ ᠬᠦᠯᠡᠮᠵᠢ ᠫᠧᠩ ᠵᠡᠷᠭᠡ ᠳᠤ ᠬᠡᠪᠢᠰ ᠮᠠᠶ᠋ᠢᠭ ᠤᠨ ᠪᠠᠶᠢᠴᠠᠭᠠᠯᠲᠠ ᠬᠢᠵᠦ᠂ ᠳᠠᠯᠳᠠ ᠬᠡᠮ ᠤᠨ ᠨᠠᠷᠢᠨ ᠲᠣᠳᠣᠷᠬᠠᠶ ᠡᠬᠡ ᠲᠠᠩᠰᠠ ᠪᠠᠶᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠣᠷᠣᠨ ᠦᠯᠡᠳᠡᠭᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ︔ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠵᠠᠮ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠡᠷᠬᠢᠯᠡᠬᠦ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠠᠮᠤᠷ ᠲᠦᠪᠰᠢᠨ ᠤ ᠰᠠᠨᠠᠭᠤᠯᠤᠮᠵᠢ ᠵᠡᠷᠭᠡ ᠶᠢ ᠳᠡᠯᠭᠡᠷᠡᠭᠦᠯᠵᠦ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠵᠢᠯᠯᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠬᠠᠨᠳᠤᠯᠭᠠᠲᠤ ᠴᠢᠨᠠᠷᠲᠠᠶ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠡᠨᠡᠳᠲᠡ ᠶᠢᠨ ᠠᠮᠤᠷ ᠲᠦᠪᠰᠢᠨ ᠤ ᠠᠳᠡᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠪᠠᠴᠢᠮ ᠪᠠᠶᠢᠳᠠᠯ ᠤᠨ ᠳᠣᠣᠷ᠎ᠠ ᠦᠳᠲᠡᠷ ᠲᠦᠷᠭᠡᠨ᠂ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠳᠡᠯ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠠᠮᠤᠭ ᠰᠡᠭᠦᠯ ᠳᠤ᠂ ᠰᠢᠤᠢ ᠯᠢᠨ ᠹᠧᠩ ᠳᠠᠬᠢᠨᠲᠠ ᠴᠢᠬᠤᠯᠠᠴᠢᠯᠠᠭᠰᠠᠨ ᠨᠢ᠂ ᠠᠶᠤᠯᠭᠦᠶ ᠦᠢᠯᠡᠳᠪᠦᠷᠢᠯᠡᠯ ᠤᠨ ᠠᠵᠢᠯ ᠨᠢ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠨ᠎ᠠ᠂ ᠣᠳᠣᠬᠠᠨ ᠤ ᠡᠨᠡ ᠬᠦ ᠵᠠᠩᠭᠢᠯᠠᠭ᠎ᠠ ᠶᠢᠨ ᠬᠤᠭᠤᠴᠠᠭᠠᠨ ᠳᠤ ᠪᠥᠬᠦ ᠺᠠᠳ᠋ᠷ ᠠᠵᠢᠯᠲᠠᠨ ᠠᠵᠢᠯᠴᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠠᠵᠢᠯ ᠵᠥᠪᠬᠡᠨ  ᠴᠠᠭ ᠢᠮᠠᠭᠲᠠ ᠶᠠᠪᠤᠭᠳᠠᠵᠤ᠂ ᠳᠠᠭᠤᠰᠬᠤ ᠴᠠᠭ ᠭᠡᠵᠦ ᠪᠠᠶᠢᠬᠤ ᠦᠭᠡᠢ ᠶᠤᠮ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠨᠡ ᠡᠪᠦᠯ ᠢᠷᠡᠬᠦ ᠬᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠣᠳᠣᠬᠠᠨ ᠤ ᠨᠢᠭᠡᠨ ᠴᠢᠬᠤᠯᠠ ᠡᠭᠦᠷᠭᠡ ᠪᠣᠯᠭᠠᠨ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠬᠠᠮᠠᠭᠠᠯᠠᠵᠤ᠂ ᠮᠠᠯᠴᠢᠨ ᠲᠠᠷᠢᠶᠠᠴᠢᠨ ᠲᠦᠮᠡᠨ ᠢ ᠠᠮᠤᠷ ᠠᠮᠤᠭᠤᠯᠠᠩ ᠥᠯᠵᠡᠢ ᠪᠡᠯᠭᠡ ᠲᠠᠢ ᠡᠪᠦᠯ ᠤᠨ ᠤᠯᠠᠷᠢᠯ ᠪᠠ ᠴᠠᠭᠠᠨ ᠰᠠᠷ᠎ᠠ ᠪᠠᠨ ᠥᠩᠭᠡᠷᠡᠭᠦᠯᠬᠦ ᠬᠡᠷᠡᠭᠲᠡᠢ ᠭᠡᠪᠡ᠃    ᠲᠣᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号