| 12 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ | ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | 80 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠪᠠ᠃ | | | | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ 12 ᠰᠠᠷ᠎ᠠ ᠶᠢᠨ 9 ᠤ | ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠵᠢᠴᠢ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠ ᠬᠤᠰᠢᠭᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ︽ᠨᠢᠭᠡ ᠦᠨᠳᠦᠰᠦᠨ ᠪᠠᠲᠤᠯᠠᠭ᠎ᠠ︾᠂ ︽ᠲᠠᠪᠤ ᠶᠢ ᠡᠷᠬᠡᠪᠰᠢ ᠨᠢᠭᠡᠳᠦᠯᠲᠡᠶ ᠲᠥᠯᠥᠪᠵᠢᠭᠦᠯᠬᠦ︾ | ᠵᠢᠮ᠎ᠡ ᠶᠣᠰᠣᠴᠢ ᠴᠢᠨᠠᠷᠲᠠᠶ ᠲᠠᠨᠢᠯᠲᠠ ᠶᠢ ᠣᠨᠣᠪᠴᠢᠲᠠᠶ ᠡᠵᠡᠮᠳᠡᠵᠦ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ | ᠮᠠᠭᠠᠳᠯᠠᠯᠲᠠ ᠳᠡᠭᠡᠷ᠎ᠡ ᠦᠨᠡᠨ ᠬᠦ ᠨᠢᠭᠡᠳᠬᠡᠵᠦ᠂ ᠶᠢᠰᠦᠨ ᠵᠦᠢᠯ ᠤᠨ ᠭᠤᠤᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢ ᠠᠬᠢᠭᠤᠯᠬᠤ᠂ ᠪᠦᠲᠦᠮᠵᠢᠲᠡᠶ ᠪᠠᠯᠠ ᠣᠷᠣᠭᠤᠯᠤᠯᠲᠠ ᠶᠢ | ᠥᠷᠭᠡᠳᠬᠡᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠬᠦ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠵᠡᠷᠭᠡ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠴᠢᠩᠭ᠎ᠠ︾ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠭᠰᠢᠳᠠ | ᠭᠦᠨᠵᠡᠭᠡᠶᠢᠷᠡᠭᠦᠯᠵᠦ᠂ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠬᠠᠤᠯᠢ | ᠴᠠᠭᠠᠵᠠ ᠶᠢᠨ ᠤᠬᠠᠮᠰᠠᠷ ᠢ ᠨᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ | ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠠᠭᠤᠰᠤᠯᠴᠠᠵᠤ᠂ ᠪᠦᠬᠦ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠵᠤ᠂ ︽ᠳᠠᠯᠠᠢ ᠳᠠᠭᠠᠤ | ᠬᠦᠴᠦᠷᠬᠡᠭᠵᠢᠭᠦᠯᠬᠦ ︾ ᠵᠣᠷᠢᠭ ᠰᠦᠰᠦ ᠪᠠ ᠡᠷᠡᠰ ᠵᠣᠷᠢᠭ ᠢ ᠤᠯᠠᠮ ᠨᠢᠭᠡ ᠠᠯᠬᠤᠮ ᠨᠡᠮᠡᠭᠳᠡᠭᠦᠯᠦᠨ ᠂ ᠵᠢᠨᠵᠸᠤ | ᠭᠠᠷᠠᠮ ᠵᠡᠷᠭᠡ ᠳᠠᠯᠠᠢ ᠳᠠᠭᠠᠤ ᠬᠢᠯᠢ ᠭᠠᠵᠠᠷ ᠣᠷᠤᠨ ᠢ ᠠᠵᠤ ᠦᠢᠯᠡᠰ ᠤᠨ ᠪᠠᠶᠢᠷᠢᠰᠢᠭᠤᠯᠤᠯ ᠪᠠ ᠬᠥᠭᠵᠢᠯᠲᠡ ᠶᠢᠨ | ᠴᠢᠬᠤᠯᠠ ᠴᠢᠭᠯᠡᠯ ᠪᠣᠯᠭᠠᠵᠤ᠂ ᠠᠵᠢᠯ ᠤᠨ ᠰᠡᠳᠬᠢᠴᠡ ᠪᠠᠨ ᠲᠣᠳᠤᠷᠬᠠᠢ ᠪᠣᠯᠭᠠᠵᠤ᠂ ᠤᠯᠤᠯᠴᠠᠭ᠎ᠠ | ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠪᠣᠳᠠᠲᠠᠢ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠪᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠤᠯᠠᠭᠠᠨᠬᠠᠳᠠ ᠬᠤᠲᠠ ᠶᠢᠨ ᠨᠠᠮ ᠤᠨ | ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠦᠨ᠂ ᠬᠠᠷᠠᠯᠲᠠ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠥᠨᠳᠥᠷ ᠪᠠᠷᠢᠮᠵᠢᠶ᠎ᠠ ᠪᠠᠷ | ᠲᠥᠯᠥᠪᠵᠢᠭᠦᠯᠵᠦ᠂ ᠢᠷᠡᠬᠦ ᠵᠢᠯ ᠤᠨ ᠠᠵᠢᠯ ᠤᠨ ᠳᠤᠮᠳᠠ ᠰᠢᠨ᠎ᠡ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ᠃ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠢᠮᠠᠭᠲᠠ ᠪᠠᠷᠢᠮᠲᠠᠯᠠᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠲᠣᠰ | ᠪᠡᠶ᠎ᠡ ᠶᠢᠨ ᠪᠠᠶᠢᠭᠤᠯᠤᠯᠲᠠ ᠪᠠ ᠡᠩᠨᠡᠭᠡᠨ ᠤ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠠᠵᠢᠯ ᠤᠨ | ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠵᠠᠶ᠃ |