ᠰᠢᠩ ᠯᠦᠩ ᠸᠠ ᠪᠠᠯᠭᠠᠰᠤ ᠄ ᠠᠷᠠᠳ ᠤᠨ ᠠᠮᠢᠳᠤᠷᠠᠯ ᠤᠨ ᠦᠢᠯᠡᠰ ᠢ ᠣᠯᠠᠨ ᠲᠠᠯ᠎ᠠ ᠠᠴᠠ ᠠᠩᠬᠠᠷᠴᠤ  ᠪᠠᠶᠢᠨ᠎ᠠ
ᠨᠡᠶᠢᠲᠡᠯᠡᠭᠰᠡᠨ ᠴᠠᠭ᠄
2024/12/26
        ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ︽ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ︾ ᠭᠡᠵᠦ ᠭᠦᠨᠵᠡᠭᠡᠢ ᠵᠢᠭᠠᠵᠤ ᠭᠠᠷᠭᠠᠪᠠ᠃ ᠤᠢᠢᠷ᠎ᠠ ᠶᠢᠨ ᠵᠢᠯ ᠠᠴᠠ᠂ ᠰᠢᠩ ᠯᠦᠩ ᠸᠠ ᠪᠠᠯᠭᠠᠰᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠡᠮᠡᠴᠡᠬᠦ ᠬᠠᠷᠠᠯᠲᠠ ᠪᠠᠨ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠲᠠᠯ᠎ᠠ ᠪᠠᠷ᠂ ᠭᠦᠨ ᠳᠠᠪᠬᠤᠷᠭ᠎ᠠ ᠪᠠᠷ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠪᠡ᠃     ᠨᠢᠭᠡ ᠳᠤ ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠨ᠎ᠠ᠃ ᠰᠢᠩ ᠯᠦᠩ ᠸᠠ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ︽ᠳᠥᠷᠪᠡ ᠶᠢ ᠰᠠᠯᠭᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠤᠯ ᠪᠣᠯᠭᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠪᠠ᠃ ᠠᠳᠡ ᠣᠨᠴᠠᠭᠠᠢ ᠬᠦᠴᠢᠷᠳᠡᠯ ᠲᠠᠢ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠨ ᠠᠰᠢᠭᠯᠠᠨ 275 ᠬᠥᠮᠦᠨ ᠳᠤ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠠᠵᠢᠯ ᠣᠯᠭᠤᠬᠤ ᠲᠣᠬᠢᠶᠠᠯ ᠬᠠᠩᠭᠠᠵᠤ᠂ ᠰᠢᠩ ᠯᠦᠩ ᠸᠠ ᠪᠠᠯᠭᠠᠰᠤᠨ ᠤ ᠡᠯ᠎ᠡ ᠲᠣᠰᠬᠤᠨ ᠳᠤ᠂ ᠡᠲᠡᠭᠡᠷ ᠬᠦᠴᠢᠷᠳᠡᠯᠲᠡᠶ ᠣᠯᠠᠨ ᠲᠦᠮᠡᠨ ᠤ ᠥᠪᠡᠷ ᠤᠨ ᠴᠢᠷᠮᠠᠶᠢᠯᠭ᠎ᠠ ᠪᠠ ᠵᠠᠰᠠᠭ ᠤᠨ ᠣᠷᠳᠣᠨ ᠤ ᠬᠠᠪᠰᠤᠷᠤᠯᠭ᠎ᠠ ᠳᠡᠮᠵᠢᠯᠭᠡ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠢᠶᠠᠷ ᠵᠠᠮᠨᠠᠵᠤ ᠪᠠᠶᠢᠬᠤ ᠶᠢ ᠣᠯᠵᠤ ᠬᠠᠷᠠᠵᠤ ᠪᠣᠯᠤᠨ᠎ᠠ᠃ ᠲᠡᠳᠡᠨ ᠤ ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠰᠢᠩ ᠯᠦᠩ ᠸᠠ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠬᠠᠮᠤᠭ ᠤᠨ ᠰᠠᠶᠢᠨ ᠭᠡᠷᠡᠴᠢ  ᠪᠣᠯᠤᠭᠰᠠᠨ ᠪᠠᠶᠢᠨ᠎ᠠ᠃     ᠬᠤᠶᠠᠷ ᠲᠤ ᠂ ᠨᠠᠷᠢᠯᠢᠭ ᠬᠠᠮᠢᠶᠠᠷᠴᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠠᠬᠢᠵᠢᠭᠦᠯᠦᠨ᠎ᠡ᠃ ᠰᠢᠩ ᠯᠦᠩ ᠸᠠ ᠪᠠᠯᠭᠠᠰᠤ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠵᠡᠷᠭᠡ ᠠᠵᠢᠯ ᠢ ᠨᠠᠷᠢᠨ ᠪᠣᠳᠠᠲᠠᠶ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠡᠲᠡᠭᠡᠳ ᠢ ᠬᠢᠨᠠᠨ ᠬᠠᠷᠭᠤᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ᠂ ᠪᠠᠲᠤᠯᠠᠭ᠎ᠠ ᠶᠢ ᠦᠷᠭᠦᠯᠵᠢᠯᠡᠨ ᠳᠠᠩᠰᠠᠯᠠᠬᠤ᠂ ᠲᠤᠰᠬᠠᠶ ᠬᠢᠨᠠᠨ ᠪᠠᠶᠢᠴᠠᠭᠠᠬᠤ᠂ ᠮᠡᠳᠡᠭᠡ ᠵᠠᠩᠭᠢ ᠶᠢ ᠬᠠᠷᠢᠴᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠠᠰ ᠤᠨ ᠬᠤᠪᠢᠷᠠᠯᠲᠠ ᠲᠠᠢ ᠬᠡᠷ ᠪᠦᠯᠢ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠨᠥᠬᠦᠴᠡᠯ ᠳᠤ ᠨᠡᠶᠢᠴᠡᠬᠦ ᠥᠬᠡᠶ ᠶᠢ ᠨᠢ ᠴᠠᠭ ᠲᠤᠬᠠᠶ ᠳᠤᠨᠢ ᠪᠤᠴᠠᠭᠠᠵᠤ᠂ ᠬᠥᠳᠡᠯᠦᠩᠭᠦᠶ ᠬᠠᠮᠢᠶᠠᠷᠤᠯᠲᠠ ᠶᠢᠨ ᠳᠣᠤᠷᠠᠬᠢ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠪᠠᠭᠤᠷᠠᠶᠢᠴᠤᠤᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠶᠢ ᠨᠢ ᠴᠠᠭ ᠲᠤᠬᠠᠶ ᠳᠤᠨᠢ ᠠᠪᠤᠷᠠᠨ ᠲᠤᠰᠠᠯᠠᠬᠤ ᠳᠤ ᠣᠷᠣᠭᠤᠯᠤᠨ᠎ᠠ ᠃ ᠲᠤᠰᠬᠠᠶ ᠵᠦᠢᠯ ᠤᠨ ᠡᠬᠡ ᠲᠠᠩᠰᠠ ᠪᠠᠶᠢᠭᠤᠯᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠣᠨᠴᠠᠭᠠᠶ ᠬᠥᠮᠦᠰ ᠢ ᠬᠠᠯᠠᠮᠵᠢᠯᠠᠨ ᠬᠠᠶᠢᠷᠠᠯᠠᠬᠤ ᠶᠢ ᠪᠦᠬᠦᠨ ᠢ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠪᠤᠯᠵᠢᠯᠠᠬᠤ ᠳᠦᠷᠢᠮ ᠢ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠡᠵᠡᠮᠰᠢᠬᠦ ᠬᠡᠷᠡᠭᠲᠡᠶ᠃ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠡᠷᠡᠭᠦᠯ ᠮᠡᠨᠳᠦ᠂ ᠠᠮᠢᠳᠤᠷᠠᠯ᠂ ᠠᠮᠤᠷ ᠲᠦᠪᠰᠢᠨ ᠵᠡᠷᠭᠡ ᠲᠠᠯ᠎ᠠ ᠪᠠᠷ ᠣᠨᠴᠠᠭᠠᠶ ᠬᠦᠴᠢᠷᠳᠡᠯᠲᠡᠶ ᠣᠯᠠᠨ ᠲᠦᠮᠡᠨ ᠳᠤ ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠢᠯᠡᠷᠡᠭᠦᠯᠦᠭᠰᠡᠨ ᠠᠶᠤᠯ ᠲᠦᠭᠰᠢᠭᠦᠷᠢ ᠶᠢᠨ ᠳᠠᠯᠳᠠ ᠬᠡᠮ᠂ ᠵᠥᠷᠢᠴᠡᠯ ᠵᠢᠭᠤᠷᠠᠯᠳᠤᠭᠠᠨ ᠳᠤ ᠴᠢᠭᠯᠡᠭᠦᠯᠦᠨ᠂ ᠱᠠᠲᠤ ᠱᠠᠲᠤ ᠪᠠᠷ ᠰᠠᠯᠭᠠᠨ ᠲᠣᠬᠢᠷᠠᠭᠤᠯᠬᠤ᠂ ᠱᠠᠲᠤ ᠳᠠᠷᠠᠭᠠᠯᠠᠨ ᠰᠢᠢᠳᠪᠦᠷᠢᠯᠡᠬᠦ ᠠᠵᠢᠯ ᠤᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠡᠨᠡ ᠵᠢᠯ ᠪᠥᠬᠦ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ 236 ᠬᠥᠮᠦᠨ ᠰᠢᠨ᠎ᠡ ᠪᠠᠷ ᠨᠡᠮᠡᠭᠳᠡᠵᠦ᠂ 212 ᠬᠥᠮᠦᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠴᠦᠨ ᠥᠬᠡᠶ ᠪᠣᠯᠭᠠᠵᠤ᠂ ᠣᠨᠴᠠ ᠬᠦᠴᠢᠷᠳᠡᠯᠲᠡᠶ 23 ᠡᠷᠦᠬᠡ ᠶᠢᠨ 26 ᠬᠥᠮᠦᠨ ᠢ ᠰᠢᠨ᠎ᠡ ᠪᠠᠷ ᠨᠡᠮᠡᠭᠳᠡᠭᠦᠯᠵᠦ᠂ 69 ᠡᠷᠦᠬᠡ ᠶᠢᠨ ᠬᠡᠷ ᠪᠦᠯᠢ ᠳᠤ ᠲᠦᠷ ᠴᠠᠭ ᠤᠨ ᠠᠪᠤᠷᠠᠨ ᠲᠤᠰᠠᠯᠠᠯᠲᠠ  ᠬᠦᠷᠲᠡᠭᠡᠪᠡ᠃     ᠭᠤᠷᠪᠠ ᠳᠤ ᠂ ᠢᠨᠵᠧᠨᠧᠷᠢᠩ ᠡᠨᠧᠷᠭᠢ ᠣᠯᠭᠤᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠡᠷ ᠣᠷᠣᠨ ᠢ ᠪᠣᠶ ᠪᠣᠯᠭᠠᠨ᠎ᠠ᠃ ᠰᠢᠩ ᠯᠦᠩ ᠸᠠ ᠪᠠᠯᠭᠠᠰᠤ ᠠᠷᠠᠳ ᠤᠨ ᠠᠮᠢᠳᠤᠷᠠᠯ ᠤᠨ ᠢᠨᠵᠧᠨᠧᠷᠢᠩ ᠳᠠᠬᠢ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠡᠨᠡ ᠵᠢᠯ 700 ᠲᠦᠮᠡᠨ ᠲᠥᠭᠦᠷᠢᠭ ᠤᠨ ᠪᠡᠯᠡ ᠣᠷᠣᠭᠤᠯᠵᠤ  ᠭᠠᠴᠠᠭ᠎ᠠ ᠲᠣᠰᠬᠤᠨ᠂ ᠱᠢ ᠲᠧᠦ ᠵᠢᠩ ᠽᠢ ᠲᠣᠰᠬᠤᠨ᠂ ᠯᠠᠢ ᠼᠤᠤ ᠭᠸᠦ ᠲᠣᠰᠬᠤᠨ᠂ ᠪᠤᠭᠤᠲᠤ ᠲᠣᠰᠬᠤᠨ᠂ ᠱᠦᠢ ᠴᠢᠤᠸᠠᠨ ᠲᠣᠰᠬᠤᠨ ᠵᠡᠷᠭᠡ ᠵᠠᠰᠠᠭ ᠵᠠᠬᠢᠷᠭᠠᠨ ᠤ ᠲᠣᠰᠬᠤᠨ ᠳᠤ ᠨᠡᠶᠢᠳᠡ 13.98  ᠺᠢᠯᠦᠮᠧᠲᠷ ᠤᠨ ᠵᠠᠮ ᠢ ᠵᠠᠰᠠᠨ ᠪᠠᠶᠢᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ 368 ᠭᠡᠷ ᠪᠦᠯᠢ ᠳᠤ ᠠᠰᠢᠭ ᠬᠥᠷᠲᠡᠭᠡᠪᠡ᠂ 25 ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠭᠡᠷ ᠳᠣᠲᠣᠷᠠᠬᠢ 745 ᠵᠣᠷᠯᠣᠩ ᠢ ᠥᠭᠡᠷᠡᠴᠢᠯᠡᠨ ᠰᠢᠨᠡᠳᠬᠡᠪᠡ᠃ ᠡᠲᠡᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠢ  ᠨᠠᠶᠢᠳᠠᠪᠤᠷᠢᠵᠢᠭᠤᠯᠤᠭᠰᠠᠨ ᠨᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠪᠣᠳᠠᠰ ᠤᠨ ᠰᠠᠭᠤᠷᠢ ᠶᠢ ᠲᠠᠯᠪᠢᠵᠤ᠂ ᠰᠢᠩ ᠯᠦᠩ ᠸᠠ ᠪᠠᠯᠭᠠᠰᠤᠨ ᠤ ᠬᠥᠳᠡᠭᠡ ᠲᠣᠰᠬᠤᠨ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ ᠂ ᠲᠣᠰᠬᠤᠨ ᠤ ᠠᠷᠠᠳ ᠤᠨ ᠠᠮᠢᠳᠤᠷᠠᠯ ᠴᠤ ᠡᠭᠦᠨ ᠠᠴᠠ ᠪᠣᠯᠵᠤ ᠨᠡᠩ ᠳᠥᠭᠦᠮ ᠳᠥᠲᠡ᠂ ᠲᠠᠭᠠᠯᠠᠮᠵᠢᠲᠠᠢ᠂ ᠰᠠᠶᠢᠨ ᠰᠠᠶᠢᠬᠠᠨ ᠰᠢᠨ᠎ᠡ ᠠᠶᠠᠨ ᠲᠡᠰᠢ  ᠤᠷᠤᠭᠰᠢᠯᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号