| ᠣᠯᠠᠨ ᠵᠢᠯ ᠤᠨ ᠲᠤᠷᠰᠢ᠂ ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠬᠠᠤᠯᠢ | ᠵᠢᠴᠢ ᠲᠡᠭᠦᠨ ᠢ ᠬᠡᠷᠡᠭᠵᠢᠭᠦᠯᠬᠦ ᠲᠦᠷᠢᠮ ᠤᠨ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠰᠬᠠᠶ | ᠰᠢᠭᠦᠬᠦ ᠪᠠᠶᠢᠭᠤᠯᠤᠮᠵᠢ ᠪᠠᠶᠢᠭᠤᠯᠤᠨ᠂ ᠲᠤᠰᠬᠠᠶ ᠰᠢᠭᠦᠬᠦ ᠠᠵᠢᠯᠲᠠᠨ ᠳᠣᠭᠢᠷᠠᠭᠤᠯᠵᠤ᠂ ᠰᠢᠭᠦᠬᠦ ᠠᠵᠢᠯ ᠢ ᠲᠠᠰᠤᠷᠠᠯᠲᠠ | ᠥᠬᠡᠶ ᠰᠢᠨ᠎ᠡ ᠶᠢ ᠡᠭᠦᠳᠦᠨ ᠭᠦᠨᠵᠡᠭᠡᠶᠢᠷᠡᠭᠦᠯᠵᠦ᠂ ᠬᠢᠨᠠᠨ ᠪᠤᠳᠤᠬᠤ ᠠᠵᠢᠯ ᠳᠠᠬᠢ ᠰᠢᠭᠦᠬᠦ ᠴᠢᠬᠤᠯᠠ ᠦᠢᠯᠡᠳᠦᠯ ᠢ | ᠢᠳᠡᠪᠬᠢᠲᠡᠶ ᠪᠠᠳᠠᠷᠠᠭᠤᠯᠤᠨ᠂ ᠪᠥᠬᠦ ᠬᠤᠰᠢᠭᠤᠨ ᠤ ᠬᠢᠨᠠᠨ ᠪᠤᠳᠤᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | ᠨᠢᠭᠡ ᠳᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠪᠠᠷ ᠬᠦᠳᠦᠯᠦᠨ | ᠳᠠᠭᠠᠭᠤᠯᠬᠤ ᠶᠢ ᠴᠢᠩᠭᠠᠳᠬᠠᠨ᠎ᠠ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ | ᠤᠯᠤᠰ ᠣᠷᠣᠨ ᠪᠠ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠤᠯᠤᠰ ᠲᠦᠷᠦ ᠶᠢᠨ ᠦᠨᠳᠦᠷᠴᠡ ᠠᠴᠠ | ᠨᠠᠮ ᠤᠨ ᠲᠥᠪ ᠬᠤᠷᠢᠶᠠᠨ ᠤ ᠬᠢᠨᠠᠨ ᠪᠤᠳᠤᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠵᠤ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ | ᠠᠵᠢᠯᠲᠠᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠨᠠᠮ ᠪᠠ ᠤᠯᠤᠰ ᠤᠨ ᠨᠡᠶᠢᠲᠡᠯᠡᠭᠰᠡᠨ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠢ ᠰᠤᠷᠤᠯᠴᠠᠭᠤᠯᠵᠤ᠂ ᠲᠡᠭᠦᠨ ᠤ | ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠲᠡᠭᠦᠨ ᠤ ᠭᠦᠨᠵᠡᠭᠡᠢ ᠠᠭᠤᠯᠤᠭᠳᠠᠬᠤᠨ ᠢ | ᠣᠶᠢᠯᠠᠭᠠᠵᠤ᠂ ᠤᠨᠤᠯ ᠢᠶᠠᠷ ᠠᠵᠢᠯ ᠤᠨ ᠦᠢᠯᠡᠳᠦᠯᠭᠡ ᠶᠢ ᠵᠢᠯᠣᠭᠤᠳᠬᠤ ᠶᠢ ᠪᠠᠷᠢᠮᠲᠠᠯᠠᠪᠠ᠃ ᠵᠢᠯ ᠤᠨ ᠡᠬᠢᠨ ᠠᠴᠠ | ᠨᠠᠰᠢ᠂ ᠬᠢᠨᠠᠨ ᠪᠣᠳᠤᠬᠤ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠣᠨᠣᠯ ᠤᠨ ᠰᠤᠷᠤᠯᠴᠠᠯᠭ᠎ᠠ ᠶᠢ ᠨᠡᠶᠢᠲᠡ ᠬᠤᠷᠢ | ᠭᠠᠷᠤᠶ ᠤᠳᠠᠭ᠎ᠠ ᠥᠷᠨᠢᠭᠦᠯᠪᠡ᠃ | ᠬᠤᠶᠠᠷ ᠲᠤ᠂ ᠭᠤᠭᠴᠤᠭ᠎ᠠ ᠶᠢ ᠣᠨᠣᠪᠴᠢᠲᠠᠢ ᠡᠵᠡᠮᠳᠡᠵᠦ᠂ ᠰᠢᠭᠦᠬᠦ ᠭᠤᠣᠯᠳᠠᠯᠭ᠎ᠠ ᠶᠢ ᠳᠣᠪᠤᠶᠢᠯᠭᠠᠨ᠎ᠠ᠃ | ᠬᠢᠨᠠᠨ ᠪᠣᠳᠤᠬᠤ ᠲᠣᠪᠴᠢᠶ᠎ᠠ ᠭᠤᠤᠯᠳᠠᠯᠭ᠎ᠠ ᠲᠠᠢ ᠰᠢᠭᠦᠬᠦ ᠵᠦᠢᠯᠡᠰ ᠢ ᠴᠢᠩᠭ᠎ᠠ ᠠᠳᠬᠤᠵᠤ᠂ ᠭᠤᠤᠯᠳᠠᠯᠭ᠎ᠠ ᠲᠠᠢ | ᠠᠰᠠᠭᠤᠳᠠᠯ ᠪᠠ ᠭᠤᠤᠯᠳᠠᠯᠭ᠎ᠠ ᠲᠠᠢ ᠭᠤᠭᠴᠤᠭ᠎ᠠ ᠶᠢ ᠡᠵᠡᠮᠳᠡᠵᠦ᠂ ᠰᠢᠭᠦᠬᠦ ᠭᠤᠤᠯᠳᠠᠯᠭ᠎ᠠ ᠶᠢ ᠳᠣᠪᠤᠶᠢᠯᠭᠠᠬᠤ᠂ | ᠰᠢᠭᠦᠬᠦ ᠴᠠᠭ ᠢ ᠪᠣᠭᠤᠨᠢᠰᠬᠠᠬᠤ ᠪᠠ ᠰᠢᠭᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠪᠠ᠃ | ᠰᠢᠨᠵᠢ ᠴᠢᠨᠠᠷ ᠨᠢ ᠣᠨᠣᠪᠴᠢᠲᠠᠢ ᠪᠠᠶᠢᠬᠤ ᠡᠰᠡᠬᠦ᠂ ᠭᠡᠷᠡᠴᠢ ᠪᠠᠷᠢᠮᠲᠠ ᠨᠢ ᠪᠦᠷᠢᠨ ᠭᠦᠢᠴᠡᠳ ᠪᠠᠶᠢᠬᠤ ᠡᠰᠡᠬᠦ᠂ | ᠬᠠᠤᠯᠢ ᠲᠣᠭᠲᠠᠭᠠᠯ ᠢ ᠰᠣᠩᠭᠤᠨ ᠬᠡᠷᠡᠭᠯᠡᠭᠰᠡᠨ ᠨᠢ ᠵᠣᠬᠢᠰᠲᠠᠢ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ | ᠦᠵᠡᠪᠡ᠃ ᠡᠭᠦᠨ ᠠᠴᠠ ᠭᠠᠳᠠᠨ᠎ᠠ᠂ ᠪᠢᠳᠡ ᠰᠠᠨᠠᠯ ᠬᠤᠷᠢᠶᠠᠬᠤ ᠭᠤᠭᠴᠤᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠮᠡᠳᠡᠭᠦᠯᠦᠯᠲᠡ ᠳᠤ ᠲᠤᠰᠬᠠᠭᠰᠠᠨ ᠠᠰᠠᠭᠤᠳᠠᠯ ᠨᠢ ᠲᠣᠳᠣᠷᠬᠠᠶ ᠡᠰᠡᠬᠦ᠂ ᠰᠢᠨᠵᠢ ᠴᠢᠨᠠᠷ ᠤᠨ | ᠦᠨᠳᠦᠰᠦᠯᠡᠯ ᠨᠢ ᠪᠦᠷᠢᠨ ᠭᠦᠢᠴᠡᠳ ᠡᠰᠡᠬᠦ ᠵᠡᠷᠭᠡ ᠶᠢ ᠪᠠᠶᠢᠴᠠᠭᠠᠨ ᠦᠵᠡᠬᠦ ᠪᠠᠷ ᠵᠣᠷᠢᠯᠭ᠎ᠠ ᠪᠠᠨ ᠪᠣᠯᠭᠠᠵᠠᠢ᠃ | ᠭᠤᠷᠪᠠ ᠳᠤ᠂ ᠰᠢᠭᠦᠬᠦ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠨ ᠪᠤᠳᠤᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠬᠢᠨᠠᠨ ᠪᠣᠳᠤᠵᠤ ᠰᠢᠭᠦᠨ ᠰᠢᠢᠳᠪᠦᠷᠢᠯᠡᠬᠦ ᠠᠵᠢᠯ ᠤᠨ ᠬᠠᠮᠢᠶ᠎ᠠ ᠪᠦᠬᠦᠢ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠰᠢᠭᠦᠨ ᠰᠢᠢᠳᠪᠦᠷᠢᠯᠡᠬᠦ ᠲᠣᠬᠠᠶᠢᠯᠠᠭᠰᠠᠨ ᠠᠵᠢᠯ ᠤᠨ ᠠᠵᠢᠯᠯᠠᠭᠠᠨ ᠤ ᠴᠣᠪᠣᠷᠠᠯ ᠢ | ᠵᠢᠷᠤᠮᠵᠢᠭᠤᠯᠵᠤ᠂ ᠰᠢᠭᠦᠨ ᠰᠢᠢᠳᠪᠦᠷᠢᠯᠡᠬᠦ ᠰᠠᠨᠠᠯ ᠤᠨ ᠡᠬᠡ ᠳᠠᠩᠰᠠ ᠶᠢ ᠪᠠᠶᠢᠭᠤᠯᠤᠨ᠂ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠢᠭᠦᠨ ᠰᠢᠢᠳᠪᠦᠷᠢᠯᠡᠬᠦ ᠡᠷᠬᠡ ᠮᠡᠳᠡᠯ ᠤᠨ ᠬᠡᠪᠴᠢᠶ᠎ᠡ ᠪᠠ ᠠᠵᠢᠯ ᠤᠨ | ᠵᠢᠷᠤᠮ ᠢ ᠲᠣᠳᠤᠷᠬᠠᠶᠢᠯᠠᠵᠤ᠂ ᠰᠢᠭᠦᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠰᠢᠭᠦᠨ ᠰᠢᠢᠳᠪᠦᠷᠢᠯᠡᠬᠦ ᠡᠭᠦᠷᠭᠡ ᠶᠢ ᠬᠦᠯᠢᠶᠡᠨ ᠠᠪᠤᠭᠰᠠᠨ ᠤ ᠳᠠᠷᠠᠭ᠎ᠠ ᠰᠢᠭᠦᠨ ᠰᠢᠢᠳᠪᠦᠷᠢᠯᠡᠬᠦ᠂ ᠪᠢᠴᠢᠭ ᠬᠠᠷ᠎ᠠ | ᠪᠢᠴᠢᠬᠦ ᠪᠠ ᠬᠡᠷᠡᠭ ᠤᠨ ᠡᠪᠬᠡᠮᠡᠯ ᠢ ᠳᠠᠩᠰᠠ ᠡᠪᠬᠡᠮᠡᠯ ᠳᠤ ᠣᠷᠤᠭᠤᠯᠬᠤ ᠬᠦᠷᠲᠡᠯ᠎ᠡ ᠴᠦᠮ ᠰᠢᠭᠦᠨ ᠰᠢᠢᠳᠪᠦᠷᠢᠯᠡᠬᠦ | ᠲᠠᠰᠤᠭ ᠤᠨ ᠲᠤᠰᠬᠠᠢ ᠬᠥᠮᠥᠨ ᠬᠠᠷᠢᠭᠤᠴᠠᠨ᠂ ᠰᠢᠭᠦᠨ ᠰᠢᠢᠳᠪᠦᠷᠢᠯᠡᠬᠦ ᠠᠵᠢᠯᠯᠠᠭ᠎ᠠ ᠶᠢ ᠲᠠᠰᠤᠷᠠᠯᠲᠠ ᠦᠭᠡᠢ | ᠵᠢᠷᠤᠮᠵᠢᠭᠤᠯᠵᠠᠢ᠃ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠥᠷᠨᠢᠭᠦᠯᠦᠭᠰᠡᠨ ᠰᠢᠯᠢᠳᠡᠭ ᠬᠢᠨᠠᠨ | ᠪᠤᠳᠤᠬᠤ ᠲᠥᠷᠥᠯ ᠵᠦᠢᠯ ᠢ ᠰᠢᠯᠭᠠᠷᠠᠭᠤᠯᠬᠤ ᠪᠠ ᠲᠣᠰ ᠲᠣᠪᠴᠢᠶ᠎ᠠ ᠶᠢᠨ ᠥᠷᠨᠢᠭᠦᠯᠦᠭᠰᠡᠨ ᠬᠢᠨᠠᠨ ᠪᠤᠳᠤᠯᠲᠠ ᠶᠢᠨ | ᠮᠡᠳᠡᠭᠦᠯᠦᠯᠲᠡ ᠶᠢᠨ ᠰᠢᠯᠢᠳᠡᠭ ᠳᠤᠲᠠᠭᠤᠳᠠᠯ ᠢ ᠰᠢᠯᠭᠠᠷᠠᠭᠤᠯᠬᠤ ᠠᠵᠢᠯ ᠳᠤ ᠢᠳᠡᠪᠬᠢᠲᠡᠶ ᠣᠷᠣᠯᠴᠠᠵᠤ᠂ ᠬᠢᠨᠠᠨ | ᠪᠤᠳᠤᠬᠤ ᠲᠥᠷᠥᠯ ᠵᠦᠢᠯ ᠤᠨ ᠰᠣᠳᠣᠨ ᠪᠦᠲᠦᠭᠡᠯ ᠤᠨ ᠤᠬᠠᠮᠰᠠᠷ ᠢ ᠴᠢᠩᠭᠠᠷᠠᠭᠤᠯᠤᠨ᠂ ᠬᠢᠨᠠᠨ ᠪᠤᠳᠤᠬᠤ ᠲᠥᠷᠥᠯ | ᠵᠦᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠯᠢᠳᠡᠭ ᠬᠢᠨᠠᠨ ᠪᠤᠳᠤᠬᠤ ᠲᠥᠷᠥᠯ ᠵᠦᠢᠯ ᠤᠨ | ᠵᠢᠱᠢᠶ᠎ᠡ ᠦᠵᠡᠭᠦᠯᠵᠦ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ ᠬᠤᠰᠢᠭᠤᠨ ᠤ | ᠬᠢᠨᠠᠨ ᠪᠤᠳᠤᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ |