ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠬᠤᠰᠢᠭᠤᠨ  ᠳᠠᠬᠢ ᠬᠤᠪᠢᠶᠠᠷᠢ ᠲᠣᠪᠴᠢᠶ᠎ᠠ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/12/26
      ᠠᠣᠬᠠᠨ ᠬᠤᠰᠢᠭᠤᠨ ᠤ ᠬᠥᠷᠥᠰᠥ ᠰᠢᠷᠤᠶ ᠵᠢᠴᠢ ᠰᠠᠴᠤᠷᠠᠯᠲᠠ ᠶᠢᠨ ᠣᠷᠴᠢᠨ ᠲᠣᠭᠤᠷᠢᠨ ᠤ ᠶᠠᠰᠤ  ᠴᠢᠨᠠᠷ ᠤᠨ ᠠᠮᠤᠷ ᠲᠦ᠋ᠪᠰᠢᠨ ᠢ ᠡᠵᠡᠮᠳᠡᠵᠦ ᠪᠤᠯᠤᠨ᠎ᠠ᠃ ᠪᠥᠬᠦ ᠬᠤᠰᠢᠭᠤᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠪᠣᠬᠢᠷᠲᠤᠭᠰᠠᠨ ᠲᠠᠷᠢᠶᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ 100% ᠳᠤ ᠬᠦᠷᠦᠭᠦᠯᠵᠦ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ 100% ᠳᠤ  ᠬᠦᠷᠦᠭᠦᠯᠪᠡ᠃    ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠢᠳᠡᠪᠬᠢᠲᠡᠶ ᠰᠠᠶᠢᠲᠤᠷ ᠬᠢᠪᠡ᠃ ᠬᠥᠷᠥᠰᠥ ᠰᠢᠷᠣᠶ ᠪᠠ ᠭᠠᠵᠠᠷ ᠳᠣᠤᠷᠠᠬᠢ ᠤᠰᠤᠨ ᠤ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠵᠠᠷ ᠳᠣᠤᠷᠠᠬᠢ ᠤᠰᠤᠨ ᠤ ︽ᠬᠤᠤᠰ ᠢᠷᠡᠯᠲᠡ︾ ᠶᠢ ᠪᠠᠶᠢᠴᠠᠭᠠᠬᠤ ᠪᠠᠷᠢᠮᠵᠢᠶ᠎ᠠ ᠠᠴᠠ ᠬᠡᠲᠦᠷᠡᠭᠰᠡᠨ 6 ᠴᠡᠭ ᠤᠨ ᠤᠰᠤᠨ ᠤ ᠴᠢᠨᠠᠷ ᠢ ᠳᠠᠬᠢᠨ ᠬᠡᠮᠵᠢᠬᠦ ᠵᠢᠴᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ  ᠠᠬᠢᠭᠤᠯᠪᠠ᠃ 9 ᠡᠷᠦᠬᠡ ᠬᠥᠷᠥᠰᠥ ᠰᠢᠷᠣᠶ ᠶᠢᠨ ᠪᠣᠬᠢᠷᠲᠤᠯ ᠤᠨ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠡ ᠶᠢ ᠰᠢᠮᠳᠠᠭᠤᠯᠵᠤ ᠪᠠᠶᠢᠭᠠᠳ ᠬᠥᠷᠥᠰᠥ ᠰᠢᠷᠣᠶ ᠪᠠ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠠᠵᠢᠯ ᠢ ᠥᠷᠨᠢᠭᠦᠯᠪᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠲᠤᠷᠠᠨ᠂ 8 ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠬᠥᠷᠥᠰᠥ ᠰᠢᠷᠣᠶ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠪᠥᠬᠦ ᠬᠤᠰᠢᠭᠤᠨ ᠤ 41 ᠡᠮᠨᠡᠯᠭᠡ ᠶᠢᠨ ᠬᠤᠷᠢᠶ᠎ᠠ᠂ ᠠᠶᠤᠯᠲᠠᠶ ᠬᠠᠶᠠᠭᠳᠠᠮᠠᠯ ᠪᠣᠳᠠᠰ ᠡᠵᠡᠩᠨᠡᠬᠦ 4 ᠨᠢᠭᠡᠴᠡ᠂ ᠭᠤᠤᠯᠳᠠᠯᠭ᠎ᠠ ᠲᠠᠢ ᠠᠶᠤᠯᠲᠠᠶ ᠬᠠᠶᠠᠭᠳᠠᠮᠠᠯ ᠪᠣᠳᠠᠰ ᠭᠠᠷᠭᠠᠬᠤ 3 ᠨᠢᠭᠡᠴᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠢᠰᠲ᠋ᠧᠮ ᠤᠨ ᠬᠠᠮᠢᠶᠠᠷᠤᠯᠲᠠ ᠶᠢᠨ ᠲᠥᠯᠥᠪᠯᠡᠭᠡ ᠶᠢ ᠳᠠᠩᠰᠠᠯᠠᠬᠤ᠂ ᠣᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠪᠡ᠃ ᠠᠶᠤᠯᠲᠠᠢ ᠬᠠᠶᠠᠭᠳᠠᠮᠠᠯ ᠪᠣᠳᠠᠰ ᠤᠨ ᠡᠵᠡᠩᠨᠡᠯᠲᠡ ᠶᠢᠨ 4 ᠨᠢᠭᠡᠴᠡ᠂ ᠭᠤᠣᠯᠳᠠᠯᠭ᠎ᠠ ᠲᠠᠢ ᠠᠶᠤᠯᠲᠠᠢ ᠬᠠᠶᠠᠭᠳᠠᠮᠠᠯ ᠪᠣᠳᠠᠰ ᠡᠭᠦᠰᠦᠭᠰᠡᠨ 3 ᠨᠢᠭᠡᠴᠡ ᠳᠤ ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠦᠨᠡᠯᠡᠨ ᠵᠢᠱᠢᠯᠲᠡ  ᠬᠢᠪᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠠᠯᠠᠨ ᠬᠠᠷᠢᠶ᠎ᠠ ᠣᠷᠣᠨ ᠤ ᠪᠠᠨ ᠦᠯᠡᠳᠡᠭᠳᠡᠯ ᠬᠦᠳᠡᠷ ᠤᠨ ᠬᠥᠮᠥᠷᠭᠡ ᠶᠢᠨ ᠠᠵᠤ ᠠᠬᠤᠶᠢᠯᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠥᠬᠦ ᠬᠤᠰᠢᠭᠤᠨ ᠤ 38 ᠦᠯᠡᠳᠡᠭᠳᠡᠯ ᠬᠦᠳᠡᠷ ᠤᠨ ᠬᠥᠮᠥᠷᠭᠡ ᠶᠢ ᠵᠢᠯᠣᠭᠤᠳᠴᠤ᠂ ᠰᠢᠮᠡᠳᠦᠨ ᠱᠦᠭᠦᠬᠦ ᠰᠢᠩᠭᠡᠨ ᠢ ᠴᠤᠭᠯᠠᠭᠤᠯᠬᠤ᠂ ᠭᠠᠵᠠᠷ ᠳᠣᠤᠷᠠᠬᠢ ᠤᠰᠤᠨ ᠤ ᠴᠢᠨᠠᠷ ᠢ ᠬᠢᠨᠠᠨ ᠬᠡᠮᠵᠢᠬᠦ ᠬᠤᠳᠳᠤᠭ ᠵᠡᠷᠭᠡ ᠢᠵᠢ ᠪᠥᠷᠢᠳᠦᠭᠦᠯᠬᠦ ᠲᠥᠬᠦᠭᠡᠷᠦᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠬᠦ ᠶᠢᠨ ᠬᠠᠮᠲᠤ ᠡᠷᠬᠢᠨ ᠲᠣᠭᠤᠷᠢᠨ ᠤ ᠭᠠᠵᠠᠷ ᠳᠣᠤᠷᠠᠬᠢ ᠤᠰᠤ᠂ ᠬᠥᠷᠥᠰᠥ ᠰᠢᠷᠣᠶ ᠶᠢᠨ ᠪᠠᠶᠢᠴᠠᠭᠠᠨ ᠬᠡᠮᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠪᠡ᠃    ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠂ ᠡᠷᠡᠭᠦᠯ ᠮᠡᠨᠳᠦ ᠶᠢᠨ ᠬᠥᠷᠥᠰᠥ ᠰᠢᠷᠣᠢ ᠪᠣᠯ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠤ ᠪᠦᠷᠢᠯᠳᠦᠬᠦᠨ ᠮᠥᠨ᠃ ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号