| 12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠢᠦᠶ ᠯᠢᠩ ᠬᠤᠭᠤᠯᠠᠨ ᠭᠡᠷ᠂ ᠬᠡᠲᠦ ᠳᠡᠯᠭᠡᠭᠦᠷ᠂ | ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ ᠵᠡᠷᠭᠡ ᠭᠠᠵᠠᠷ ᠲᠤ ᠭᠦᠨᠵᠡᠭᠡᠶᠢᠷᠡᠨ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | | | | | ᠭᠦᠸᠧ ᠢᠦᠢ ᠯᠢᠩ ᠨᠡᠷ ᠤᠷᠢᠳ ᠬᠤᠵᠢᠳ ᠮᠦ ᠳ᠋ᠠᠨ ᠰᠢ ᠶᠤᠸᠠᠢ ᠵᠣᠴᠢᠳ ᠤᠨ ᠪᠠᠭᠤᠳᠠᠯ᠂ ᠵᠢᠶᠠ ᠳ᠋ᠧ ᠯᠧ | ᠬᠡᠲᠦ ᠳᠡᠯᠭᠡᠭᠦᠷ᠂ ᠬᠠᠢ ᠶᠤᠸᠠᠢ ᠵᠣᠴᠢᠳ ᠤᠨ ᠪᠠᠭᠤᠳᠠᠯ᠂ ᠳᠤᠮᠳᠠᠳᠤ ᠤᠯᠤᠰ ᠤᠨ ᠴᠢᠯᠠᠭᠤᠨ ᠲᠣᠰᠣᠨ ᠤ | ᠤᠯᠠᠭᠠᠨᠬᠠᠳᠠ ᠶᠢᠨ ᠠᠤᠬᠠᠨ ᠳᠠᠬᠢ ᠳ᠋ᠦᠩ ᠾᠧᠩ ᠲᠣᠰᠣ ᠨᠡᠮᠡᠬᠦ ᠦᠷᠳᠡᠭᠡ ᠵᠡᠷᠭᠡ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠠᠵᠤ ᠠᠬᠤᠶᠢᠯᠠᠯ ᠳᠤ ᠬᠦᠷᠴᠦ᠂ ᠭᠠᠯ ᠤᠨᠲᠠᠷᠠᠭᠠᠬᠤ ᠲᠥᠬᠦᠭᠡᠷᠦᠮᠵᠢ᠂ ᠭᠠᠯ ᠤᠨᠲᠠᠷᠠᠭᠠᠬᠤ ᠵᠠᠮ ᠪᠠ | ᠠᠮᠤᠷ ᠲᠦᠪᠰᠢᠨ ᠭᠠᠷᠬᠤ ᠡᠭᠦᠳᠡ ᠶᠢᠨ ᠪᠠᠶᠢᠷᠢᠯᠠᠭᠤᠯᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠤᠷᠢᠨ | ᠪᠠᠶᠢᠴᠠᠭᠠᠯᠲᠠ ᠶᠢᠨ ᠲᠡᠮᠳᠡᠭᠯᠡᠯ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠬᠤ ᠵᠢᠴᠢ ᠰᠢᠲᠠᠮᠠᠬᠠᠢ ᠬᠡᠢ ᠶᠢᠨ ᠬᠤᠭᠤᠯᠠᠢ᠂ ᠨᠡᠭᠡᠯᠡᠭᠡᠢ᠂ ᠵᠤᠤᠬ᠎ᠠ ᠶᠢᠨ ᠬᠡᠷᠡᠭᠰᠡᠯ ᠵᠡᠷᠭᠡ | ᠰᠢᠲᠠᠮᠠᠬᠠᠢ ᠬᠡᠢ ᠶᠢᠨ ᠲᠤᠨᠤᠭ ᠲᠥᠬᠦᠭᠡᠷᠦᠮᠵᠢ ᠨᠢ ᠪᠦᠷᠢᠨ ᠪᠦᠲᠦᠨ ᠪᠠᠶᠢᠬᠤ ᠡᠰᠡᠬᠦ᠂ ᠬᠠᠭᠤᠴᠢᠷᠠᠭᠰᠠᠨ ᠂ | ᠢᠳᠡᠭᠳᠡᠭᠰᠡᠨ ᠂ ᠰᠢᠲᠠᠮᠠᠬᠠᠢ ᠬᠡᠢ ᠯᠡᠪᠡᠷᠡᠭᠰᠡᠨ ᠵᠡᠷᠭᠡ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠬᠤ | ᠡᠰᠡᠬᠦ ᠵᠡᠷᠭᠡ ᠤᠯᠠᠨ ᠲᠠᠯ᠎ᠠ ᠪᠠᠷ ᠪᠠᠶᠢᠴᠠᠭᠠᠯᠲᠠ ᠬᠢᠵᠡᠢ᠃ ᠪᠠᠶᠢᠴᠠᠭᠠᠬᠤ ᠶᠠᠪᠤᠴᠠ ᠳᠤ᠂ ᠭᠦᠸᠧ ᠢᠦᠢ ᠯᠢᠩ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠢ | ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ | ᠃ | | | | | ᠭᠦᠸᠧ ᠢᠦᠢ ᠯᠢᠩ ᠠᠴᠠ᠂ ᠴᠠᠭᠠᠨ ᠰᠠᠷ᠎ᠠ ᠣᠶᠢᠷᠠᠳᠴᠤ᠂ ᠬᠥᠮᠥᠨ ᠠᠮᠠ ᠣᠯᠠᠰᠢᠷᠠᠵᠤ᠂ ᠡᠯ᠎ᠡ ᠲᠥᠷᠥᠯ ᠤᠨ | ᠠᠶᠤᠯ ᠲᠦᠭᠰᠢᠭᠦᠷᠢ ᠶᠢᠨ ᠳᠠᠯᠳᠠ ᠭᠡᠮ ᠳᠠᠭᠠᠯᠳᠤᠨ ᠨᠡᠮᠡᠭᠳᠡᠵᠦ ᠪᠠᠶᠢᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠢ ᠱᠠᠯᠠᠪᠳᠠᠭᠤᠯᠤᠨ | ᠵᠢᠯᠣᠭᠤᠳᠴᠤ ᠪᠠᠶᠢᠭᠠᠳ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ | ᠳᠠᠯᠳᠠ ᠬᠡᠮ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢ ᠴᠢᠩᠭᠠᠷᠠᠭᠤᠯᠤᠨ᠂ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | | | |