ᠵᠠᠩ ᠴᠢ ᠬᠠᠩ ᠢᠳᠡᠭᠡᠨ ᠤ ᠠᠮᠤᠷ ᠲᠦᠪᠰᠢᠨ ᠤ ᠪᠠᠲᠤᠯᠠᠪᠤᠷᠢ ᠶᠢ ᠳᠠᠭᠠᠭᠠᠴᠢᠯᠠᠭᠰᠠᠨ ᠬᠢᠨᠠᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/12/27
    12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ  ᠪᠠᠲᠤᠯᠠᠪᠤᠷᠢ ᠶᠢ ᠳᠠᠭᠠᠭᠠᠴᠢᠯᠠᠭᠰᠠᠨ ᠠᠵᠤ ᠠᠬᠤᠶᠢᠯᠠᠯ᠂ ᠰᠤᠷᠭᠠᠭᠤᠯᠢ ᠳᠤ ᠬᠦᠷᠴᠦ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠪᠠ᠃
 C:\Users\Administrator\Desktop\20_副本.jpg
   ᠵᠠᠩ ᠴᠢ ᠬᠠᠩ ᠨᠠᠷ ᠥᠪᠥᠷ ᠮᠣᠩᠭᠤᠯ ᠤᠨ ᠳ᠋ᠢᠩ ᠲᠠᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠂ ᠤᠯᠠᠭᠠᠨᠬᠠᠳᠠ ᠶᠢᠨ ᠮᠠᠰᠢᠨ ᠴᠠᠬᠢᠯᠭᠠᠨ ᠤ ᠢᠨᠵᠧᠨᠧᠷᠢᠩ ᠤᠨ ᠰᠤᠷᠭᠠᠭᠤᠯᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠢᠳᠡᠭᠡᠨ ᠪᠣᠯᠪᠠᠰᠤᠷᠠᠭᠤᠯᠬᠤ ᠶᠠᠪᠤᠴᠠ ᠵᠢᠴᠢ ᠶᠠᠪᠤᠴᠠ ᠳᠠᠬᠢ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ᠂ ᠦᠢᠯᠡᠳᠪᠦᠷᠢ ᠶᠢᠨ ᠲᠠᠰᠤᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃
C:\Users\Administrator\Desktop\21_副本.jpg
    ᠵᠠᠩ ᠴᠢ ᠬᠠᠩ ᠠᠴᠠ᠂ ᠢᠳᠡᠭᠡᠨ ᠤ ᠠᠵᠤ ᠠᠬᠤᠶᠢᠯᠠᠯ ᠤᠨ ᠬᠢᠨ ︽ᠶᠠᠰᠤ ᠴᠢᠨᠠᠷ ᠢ ᠲᠡᠷᠢᠭᠦᠨ ᠳᠤ ᠲᠠᠯᠪᠢᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠦᠭᠦᠬᠡᠢ ᠮᠠᠲ᠋ᠧᠷᠢᠶᠠᠯ᠂ ᠦᠢᠯᠡᠳᠪᠦᠷᠢᠯᠡᠯ ᠤᠨ ᠶᠠᠪᠤᠴᠠ᠂ ᠦᠢᠯᠡᠳᠬᠦᠨ ᠤ ᠶᠠᠰᠤ ᠴᠢᠨᠠᠷ ᠵᠡᠷᠭᠡ ᠡᠯ᠎ᠡ ᠭᠤᠭᠴᠤᠭ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠵᠤ᠂ ᠥᠨᠳᠥᠷ ᠲᠦᠪᠰᠢᠨ ᠪᠦᠬᠦᠢ ᠢᠳᠡᠭᠡᠨ ᠤ ᠠᠮᠤᠷ ᠲᠦᠪᠰᠢᠨ ᠤ ᠠᠵᠢᠯ ᠢᠶᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ᠂ ᠦᠢᠯᠡᠳᠬᠦᠨ ᠤ ᠥᠨᠳᠥᠷ ᠪᠠᠷᠢᠮᠵᠢᠶᠠᠲᠤ ᠦᠢᠯᠡᠳᠪᠦᠷᠢᠯᠡᠯ ᠪᠣᠯᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠠᠩᠭᠠᠯᠭ᠎ᠠ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃    ᠵᠠᠩ ᠴᠢ ᠬᠠᠩ᠂ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠨᠢ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠰᠤᠷᠭᠠᠭᠤᠯᠢ ᠨᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠢᠳᠡᠭᠡᠨ ᠤ ᠠᠮᠤᠷ ᠲᠦᠪᠰᠢᠨ ᠤ ᠲᠦᠷᠢᠮ ᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠶ᠃ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠡᠳ᠋ᠰᠢᠭᠦᠯᠦᠨ ᠦᠢᠯᠡᠳᠬᠦ᠂ ᠬᠤᠭᠤᠯᠠᠨ ᠤ ᠬᠡᠷᠡᠭᠰᠡᠯ ᠢ ᠤᠬᠢᠶᠠᠵᠤ ᠠᠷᠢᠯᠭᠠᠬᠤ ᠵᠡᠷᠭᠡ ᠵᠠᠩᠭᠢᠯᠠᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠣᠭᠤᠭ᠎ᠠ ᠶᠢᠨ ᠲᠥᠷᠥᠯ ᠵᠦᠢᠯ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠤᠭᠴᠢᠳ ᠢ ᠠᠮᠤᠷ ᠲᠦᠪᠰᠢᠨ ᠢᠳᠡᠬᠦᠯᠵᠦ᠂ ᠰᠠᠨᠠᠭ᠎ᠠ ᠠᠮᠤᠷ ᠢᠳᠡᠭᠦᠯᠵᠦ᠂ ᠰᠢᠮ᠎ᠡ ᠲᠡᠵᠢᠭᠡᠯ ᠲᠠᠢ  ᠢᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号