| 12 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2024 ᠣᠨ ᠤ | ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠵᠤ᠂ ᠬᠡᠷ ᠲᠡᠭᠡᠨ ᠪᠠᠶᠢᠭ᠎ᠠ ᠬᠤᠰᠢᠭᠤᠨ ᠤ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠵᠠᠶ᠃ | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠰᠢᠨ᠎ᠡ ᠵᠢᠯ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠠᠵᠢᠯ ᠢ ᠰᠤᠳᠤᠯᠤᠨ ᠪᠠᠶᠢᠷᠢᠯᠠᠭᠤᠯᠬᠤ ᠲᠤᠬᠠᠢ ᠬᠤᠷᠠᠯ ᠤᠨ | ᠲᠣᠪᠴᠢ ᠲᠡᠮᠳᠡᠭᠯᠡᠯ︾ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠶᠢᠨ | ᠴᠣᠬᠤᠯᠠᠪᠤᠷᠢ ᠶᠢ ᠳᠠᠮᠵᠢᠭᠤᠯᠤᠨ ᠰᠤᠷᠤᠯᠴᠠᠪᠠ᠃ ︽ᠠᠤᠬᠠᠨ ᠬᠤᠰᠢᠭᠤᠨ ᠤ 2025 ᠣᠨ ᠤ ᠡᠳ᠋ ᠤᠨ | ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ︾ ᠶᠢ ᠬᠢᠨᠠᠨ ᠵᠥᠪᠯᠡᠪᠡ᠃ | ᠬᠤᠷᠠᠯ ᠠᠴᠠ᠂ ᠠᠤᠬᠠᠨ ᠬᠤᠰᠢᠭᠤᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ | ᠣᠳᠣᠬᠠᠨ ᠤ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠶ | ᠲᠣᠬᠢᠷᠠᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ | ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠡᠯᠧᠮᠧᠨ᠋ᠲ ᠤᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠨᠢᠨ ᠳᠡᠭᠡᠷ᠎ᠡ ᠨᠢ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ᠂ ᠮᠥᠩᠭᠦᠨ ᠭᠦᠢᠯᠭᠡᠭᠡᠨ ᠤ ᠬᠠᠩᠭᠠᠯᠭ᠎ᠠ᠂ ᠴᠢᠳᠠᠪᠤᠷᠢᠲᠠᠨ ᠤ ᠪᠠᠲᠤᠯᠠᠭ᠎ᠠ ᠵᠡᠷᠭᠡ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ | ᠪᠣᠯᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠪᠤᠵᠠᠭᠠᠶᠢᠷᠠᠨ | ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ | ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠠᠵᠢᠯᠯᠠᠭᠠᠨ ᠢ ᠪᠠᠲᠤᠯᠠᠬᠤ᠂ ᠬᠥᠭᠵᠢᠯᠲᠡ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ | ᠬᠦᠷᠢᠶᠡᠨ ᠳᠤ ᠤᠷᠢᠳ ᠢᠶᠠᠷ ᠬᠡᠷᠡᠭᠯᠡᠵᠦ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠬᠤ ᠬᠡᠷᠡᠭᠲᠡᠢ᠃ | ᠪᠠᠯᠠ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ᠂ ᠣᠯᠠᠨ ᠲᠠᠯ᠎ᠠ ᠠᠴᠠ ᠳᠡᠭᠡᠳᠦ ᠱᠠᠲᠤᠨ ᠤ ᠪᠠᠯᠠ ᠮᠥᠩᠭᠦ ᠶᠢᠨ | ᠳᠡᠮᠵᠢᠯᠭᠡ ᠶᠢ ᠣᠯᠵᠤ᠂ ᠦᠯᠡᠳᠡᠭᠡᠯ ᠪᠠᠯᠠ ᠮᠥᠩᠭᠦ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠪᠠᠯᠠ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠤᠬᠠᠨ ᠬᠤᠰᠢᠭᠤᠨ ᠤ 2025 ᠣᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ | ᠵᠢᠭᠠᠨ ᠭᠠᠷᠭᠠᠪᠠ᠃ |