| ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ | ᠠᠬᠢᠭᠤᠯᠬᠤ ᠳᠤᠮᠳᠠᠬᠢ ᠠᠵᠢᠯᠴᠢᠨ ᠤ ᠡᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ | ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠲᠠᠨ ᠤ ᠴᠢᠳᠠᠪᠤᠷᠢ ᠬᠡᠪ ᠴᠢᠨᠠᠷ ᠢ | ᠳᠡᠭᠡᠭᠰᠢᠯᠡᠭᠦᠯᠦᠨ᠂ ᠠᠤᠬᠠᠨ ᠬᠤᠰᠢᠭᠤᠨ ᠤ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠲᠥᠯᠥᠭᠡ᠂ 11 ᠰᠠᠷ᠎ᠠ ᠶᠢᠨ | 28 ᠤ ᠡᠳᠦᠷ᠂ ᠬᠤᠶᠠᠷ ᠡᠳᠦᠷ ᠤᠨ ᠬᠤᠭᠤᠴᠠᠭ᠎ᠠ ᠲᠠᠢ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠬᠠᠷᠢᠯᠴᠠᠨ | ᠬᠠᠪᠰᠤᠷᠤᠯᠴᠠᠬᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ︵ᠬᠠᠪᠰᠤᠷᠤᠨ ᠲᠡᠳᠬᠦᠬᠦ︶ ᠤᠨ ᠪᠣᠯᠪᠠᠰᠤᠷᠠᠯ ᠤᠨ | ᠠᠩᠭᠢ ᠠᠤᠬᠠᠨ ᠤ ᠬᠠᠯᠠᠭᠤᠨ ᠷᠠᠰᠢᠶᠠᠨᠲᠤ ᠬᠤᠲᠠ ᠳᠤ ᠵᠢᠩᠬᠢᠨᠢ ᠪᠠᠷ ᠬᠢᠴᠢᠶᠡᠯ ᠡᠬᠢᠯᠡᠪᠡ᠃ ᠬᠤᠰᠢᠭᠤᠨ ᠤ | ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ | ᠲᠡᠷᠢᠭᠦᠯᠡᠭᠴᠢ ᠪᠦᠦ ᠶᠠ ᠯᠢ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ | ᠲᠠᠯᠪᠢᠵᠤ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠵᠠᠰᠠᠭ ᠵᠠᠬᠢᠷᠭᠠᠨ ᠤ ᠪᠠᠶᠢᠭᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 140 ᠭᠠᠷᠤᠶ ᠠᠵᠢᠯᠴᠢᠨ ᠤ ᠡᠪᠯᠡᠯ ᠤᠨ ᠺᠠᠳ᠋ᠷ ᠲᠣᠰ | ᠤᠳᠠᠭᠠᠨ ᠤ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠤᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ | ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠢᠦᠶ ᠶᠠᠨ ᠸᠧᠨ ᠠᠵᠢᠯᠲᠠᠨ ᠠᠵᠢᠯᠴᠢᠨ ᠤ ᠬᠠᠷᠢᠯᠴᠠᠨ | ᠬᠠᠪᠰᠤᠷᠤᠯᠴᠠᠬᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠲᠤᠬᠠᠶ ᠨᠠᠷᠢᠨ ᠲᠠᠶᠢᠯᠤᠮᠵᠢ ᠬᠢᠵᠦ᠂ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠬᠡᠷᠡᠭ ᠡᠷᠬᠢᠯᠡᠬᠦ | ᠭᠠᠵᠠᠷ ᠤᠨ ᠰᠦᠨ ᠯᠢᠩ ᠬᠤᠤ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠬᠤᠷᠠᠯ | ᠵᠢᠴᠢ ᠨᠥᠬᠦᠪᠥᠷᠢ ᠮᠥᠩᠭᠦ ᠭᠤᠶᠤᠴᠢᠯᠠᠨ ᠠᠪᠬᠤ ᠪᠣᠳᠠᠲᠤ ᠠᠵᠢᠯᠯᠠᠭᠠᠨ ᠤ ᠲᠤᠬᠠᠶ ᠲᠤᠬᠠᠶ ᠶᠢᠨ ᠲᠠᠯᠠᠪᠤᠷ ᠲᠤ ᠵᠢᠭᠠᠨ | ᠰᠤᠷᠭᠠᠯᠲᠠ ᠬᠢᠵᠦ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠨᠢᠩ ᠲᠢᠶᠧ ᠳ᠋ᠦᠩ᠂ | ᠰᠥᠩ ᠶᠣᠣ ᠸᠧᠨ ᠬᠤᠶᠠᠷ ᠨᠥᠬᠦᠷ ᠣᠳᠣᠬᠠᠨ ᠤ ᠬᠠᠪᠰᠤᠷᠤᠨ ᠲᠡᠳᠬᠦᠬᠦ ᠠᠵᠢᠯ ᠤᠨ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠵᠢᠴᠢ ᠲᠠᠷᠠᠭᠠᠴᠢ ᠶᠢᠨ ᠬᠠᠪᠰᠤᠷᠤᠨ ᠲᠡᠳᠬᠦᠬᠦ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ | ᠲᠤᠬᠠᠶᠢᠯᠠᠭᠰᠠᠨ ᠠᠵᠢᠯ ᠤᠨ ᠲᠤᠬᠠᠶ ᠰᠤᠷᠤᠭᠴᠢᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠣᠰ ᠤᠳᠠᠭᠠᠨ ᠤ | ᠪᠣᠯᠪᠠᠰᠤᠷᠠᠯ ᠨᠢ ᠣᠨᠣᠯ ᠤᠨ ᠵᠢᠭᠠᠨ ᠰᠤᠷᠭᠠᠯᠲᠠ ᠪᠠ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠬᠠᠷᠢᠯᠴᠠᠨ | ᠤᠶᠠᠯᠳᠤᠭᠤᠯᠤᠭᠰᠠᠨ ᠬᠢᠴᠢᠶᠡᠯᠯᠡᠬᠦ ᠠᠷᠭ᠎ᠠ ᠮᠠᠶ᠋ᠢᠭ ᠢ ᠬᠡᠷᠡᠭᠯᠡᠭᠰᠡᠨ ᠠᠴᠠ ᠰᠤᠷᠤᠭᠴᠢᠳ ᠤᠨ ᠰᠤᠷᠤᠯᠴᠠᠬᠤ ᠬᠠᠯᠠᠭᠤᠨ | ᠰᠡᠳᠬᠢᠯᠭᠡ ᠶᠢ ᠶᠡᠭᠡ ᠪᠠᠷ ᠬᠥᠭᠵᠢᠭᠡᠵᠦ᠂ ᠲᠤᠬᠠᠶ ᠶᠢᠨ ᠲᠠᠯᠠᠪᠤᠷ ᠲᠤ ᠮᠠᠰᠢ ᠢᠳᠡᠪᠬᠢᠲᠡᠶ ᠠᠰᠠᠭᠤᠯᠲᠠ ᠠᠰᠠᠭᠤᠵᠤ᠂ | ᠰᠤᠳᠤᠯᠤᠨ ᠶᠠᠷᠢᠯᠴᠠᠬᠤ ᠭᠤᠭᠴᠤᠭ᠎ᠠ ᠶᠢ ᠣᠷᠭᠢᠯ ᠳᠤ ᠬᠦᠷᠭᠡᠵᠦ᠂ ᠦᠨᠳᠦᠰᠦᠨ ᠱᠠᠲᠤᠨ ᠤ ᠠᠵᠢᠯᠴᠢᠨ ᠤ | ᠡᠪᠯᠡᠯ ᠤᠨ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯ ᠵᠢᠴᠢ ᠬᠦᠴᠢᠷᠳᠡᠯᠲᠡᠶ | ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ᠄ ᠲᠣᠰ ᠤᠳᠠᠭᠠᠨ ᠤ ᠪᠣᠯᠪᠠᠰᠤᠷᠠᠯ ᠤᠨ | ᠠᠭᠤᠯᠭ᠎ᠠ ᠬᠡᠷᠡᠭᠴᠡᠭᠡ ᠲᠠᠢ᠂ ᠣᠯᠤᠯᠲᠠ ᠮᠠᠰᠢ ᠶᠡᠭᠡ᠂ ᠰᠣᠷᠣᠭᠰᠠᠨ ᠠᠭᠤᠯᠭ᠎ᠠ ᠪᠠᠨ ᠪᠣᠳᠠᠲᠠᠶ ᠠᠵᠢᠯ ᠦᠢᠯᠡᠳᠦᠯᠭᠡ | ᠳᠤᠮᠳᠠ ᠭᠦᠢᠴᠡᠳ ᠬᠡᠷᠡᠭᠯᠡᠵᠦ᠂ ᠬᠠᠷᠢᠯᠴᠠᠨ ᠳᠣᠲᠣᠨᠣ᠂ ᠨᠠᠷᠢᠯᠢᠭ᠂ ᠬᠦᠯᠢᠴᠡᠩᠭᠦᠶ ᠪᠠᠷ ᠦᠢᠯᠡᠴᠢᠯᠡᠵᠦ ᠪᠠᠶᠢᠭᠠᠳ | ᠥᠷᠭᠡᠨ ᠣᠯᠠᠨ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠬᠠᠷᠢᠯᠴᠠᠨ | ᠬᠠᠪᠰᠤᠷᠤᠯᠴᠠᠬᠤ ᠪᠠᠲᠤᠯᠠᠭ᠎ᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠳᠠᠭᠠᠳᠬᠠᠯ ᠳᠤ ᠣᠷᠣᠯᠴᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ | ᠰᠠᠶᠢᠨ ᠶᠠᠪᠤᠳᠠᠯ ᠢ ᠦᠨᠡᠨ ᠬᠦ ᠪᠣᠳᠠᠲᠠᠶ ᠬᠢᠵᠦ᠂ ᠪᠣᠳᠠᠲᠠᠶ ᠶᠠᠪᠤᠳᠠᠯ ᠢ ᠰᠠᠶᠢᠲᠤᠷ ᠬᠢᠨ᠎ᠡ ᠭᠡᠵᠦ ᠢᠯᠡᠳᠬᠡᠵᠡᠭᠡᠪᠡ᠃ |