| 12 ᠰᠠᠷ᠎ᠠ ᠶᠢᠨ 27 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ | ᠪᠦᠯᠬᠦᠮ ᠳᠠᠭᠠᠭᠤᠯᠤᠨ ᠣᠶ ᠰᠢᠭᠤᠶ ᠶᠢᠨ ᠭᠠᠯ ᠰᠡᠷᠭᠡᠶᠢᠯᠡᠬᠦ ᠶᠡᠷᠦᠩᠬᠡᠶᠢᠯᠡᠭᠰᠡᠨ ᠱᠠᠯᠠᠪᠳᠠᠭᠤᠯᠤᠨ ᠪᠠᠶᠢᠴᠠᠭᠠᠯᠲᠠ ᠵᠢᠴᠢ | ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠣᠶ ᠰᠢᠭᠤᠶ ᠶᠢᠨ ᠴᠠᠭᠳᠠᠨ ᠪᠠᠶᠢᠴᠠᠭᠠᠬᠤ ᠠᠵᠢᠯ ᠢ ᠥᠷᠨᠢᠭᠦᠯᠪᠡ᠃ | | | | ᠵᠠᠩ ᠶᠦᠩ ᠹᠦ᠋ ᠨᠡᠷ ᠤᠷᠢᠳ ᠬᠤᠵᠢᠳ ᠰᠢᠨ ᠾᠦᠢ ᠪᠠᠯᠭᠠᠰᠤᠨ ᠤ ᠭᠤᠤ ᠵᠢᠶᠠ ᠸᠧ ᠫᠦ᠋ ᠲᠣᠰᠬᠤᠨ᠂ ᠰᠢᠨ | ᠾᠦᠢ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠲᠤ ᠬᠦᠷᠴᠦ ᠱᠠᠯᠠᠪᠳᠠᠭᠤᠯᠤᠨ ᠪᠠᠶᠢᠴᠠᠭᠠᠬᠤ ᠵᠢᠴᠢ ᠤᠢ | ᠰᠢᠭᠤᠢ ᠶᠢ ᠴᠠᠭᠳᠠᠨ ᠪᠠᠶᠢᠴᠠᠭᠠᠵᠤ᠂ ᠮᠣᠳᠣᠨ ᠤ ᠤᠷᠭᠤᠯᠲᠠ ᠶᠢᠨ ᠪᠠᠶᠢᠳᠠᠯ ᠢ ᠨᠠᠷᠢᠨ ᠠᠵᠢᠭᠯᠠᠵᠤ᠂ ᠤᠢ | ᠰᠢᠭᠤᠢ ᠶᠢᠨ ᠭᠠᠯ ᠢ ᠰᠡᠷᠭᠡᠶᠢᠯᠡᠬᠦ᠂ ᠤᠢ ᠮᠣᠳᠣ ᠶᠢ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ | ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | | | | | ᠵᠠᠩ ᠶᠦᠩ ᠹᠦ᠋ ᠠᠴᠠ᠂ ᠣᠳᠣᠬᠠᠨ ᠳᠤ ᠶᠠᠭ ᠤᠢ ᠰᠢᠭᠤᠢ ᠶᠢᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ | ᠬᠤᠭᠤᠴᠠᠭᠠᠨ ᠳᠤ ᠪᠤᠢ᠂ ᠤᠢ ᠰᠢᠭᠤᠢ ᠶᠢᠨ ᠭᠠᠯ ᠢ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠨ᠎ᠠ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠡᠬᠢ ᠡᠭᠦᠰᠦᠯ ᠠᠴᠠ ᠨᠢ | ᠴᠢᠩᠭ᠎ᠠ ᠬᠠᠮᠢᠶᠠᠷᠴᠤ᠂ ᠴᠢᠩᠭ᠎ᠠ ᠰᠡᠷᠭᠡᠶᠢᠯᠡᠨ ᠢᠮᠠᠭᠲᠠ ᠰᠠᠬᠢᠵᠤ᠂ ᠤᠢ ᠰᠢᠭᠤᠢ ᠶᠢᠨ ᠡᠬᠢ ᠪᠠᠶᠠᠯᠢᠭ ᠤᠨ ᠠᠮᠤᠷ | ᠲᠦᠪᠰᠢᠨ ᠪᠣᠯᠤᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ | ᠭᠡᠵᠦ ᠵᠢᠭᠠᠨ ᠭᠠᠷᠭᠠᠪᠠ᠃ | ᠵᠠᠩ ᠶᠦᠩ ᠹᠦ᠋ ᠠᠴᠠ᠂ ᠣᠶᠢᠲᠤ ᠭᠠᠵᠠᠷ ᠢ ᠬᠠᠮᠠᠭᠠᠯᠠᠬᠤ ᠪᠣᠯ ᠮᠠᠨ ᠤ ᠬᠤᠰᠢᠭᠤᠨ ᠤ ᠵᠢᠵᠢᠭ ᠰᠠᠪᠠ ᠭᠠᠵᠠᠷ ᠢ | ᠵᠠᠰᠠᠬᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ ᠪᠥᠬᠦ ᠬᠤᠰᠢᠭᠤᠨ ᠤ ᠠᠵᠤ ᠠᠬᠤᠶ ᠶᠢᠨ | ᠬᠥᠭᠵᠢᠯᠲᠡ ᠶᠢ ᠳᠥᠯᠭᠢᠨ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠮᠥᠨ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠨ᠂ ᠬᠠᠷᠢᠭᠤᠴᠠᠯᠭ᠎ᠠ ᠪᠠᠨ ᠢᠯᠡᠷᠡᠭᠦᠯᠵᠦ᠂ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠨᠠᠩ | ᠲᠣᠪᠤᠶᠢᠮ᠎ᠠ ᠪᠠᠶᠢᠷᠢᠨ ᠳᠤ ᠲᠠᠯᠪᠢᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠦᠷᠭᠦᠯᠵᠢᠯᠡᠨ | ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠣᠶ ᠰᠢᠭᠤᠶ ᠶᠢ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠬᠤ᠂ ᠣᠶ | ᠰᠢᠭᠤᠶ ᠶᠢ ᠰᠡᠷᠭᠡᠶᠢᠯᠡᠬᠦ ᠬᠠᠷᠢᠭᠤᠴᠠᠯᠭ᠎ᠠ ᠲᠠᠢ ᠪᠠᠶᠢᠬᠤ᠂ ᠣᠶ ᠰᠢᠭᠤᠶ ᠶᠢ ᠵᠠᠰᠠᠬᠤ ᠬᠠᠷᠢᠭᠤᠴᠠᠯᠭ᠎ᠠ ᠪᠠᠨ | ᠭᠦᠢᠴᠡᠳᠭᠡᠬᠦ ᠶᠢ ᠪᠡᠶᠡᠯᠡᠭᠦᠯᠵᠦ᠂ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ |