ᠡᠨᠡ ᠵᠢᠯ ᠠᠴᠠ ᠨᠠᠰᠢ᠂ ᠰᠧ ᠳ᠋ᠤᠤ ᠸᠠᠨ ᠽᠢ ᠪᠠᠯᠭᠠᠰᠤ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ᠂ ᠵᠥᠷᠢᠴᠡᠯ ᠢ | ᠠᠷᠢᠯᠭᠠᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠠᠯᠢ ᠤᠯᠠᠨ ᠠᠮᠤᠷ ᠲᠦᠪᠰᠢᠨ ᠤ ᠪᠠᠶᠢᠭᠤᠯᠤᠯᠲᠠ ᠶᠢᠨ | ᠠᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠵᠦ᠂ | ᠬᠠᠷᠢᠶ᠎ᠠ ᠣᠷᠣᠨ ᠤ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | ᠨᠢᠭᠡᠳᠦᠭᠡᠷ ᠹᠷᠣᠨᠲ ᠲᠤ ᠭᠦᠨᠵᠡᠭᠡᠶᠢᠷᠡᠨ ᠳᠠᠬᠢᠨ ᠵᠢᠭᠰᠠᠭᠠᠨ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ | ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ | ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠢ ᠰᠢᠭᠤᠶ ᠶᠢᠨ ᠭᠠᠯ ᠢ ᠰᠡᠷᠭᠡᠶᠢᠯᠡᠬᠦ᠂ ᠭᠠᠵᠠᠷ ᠤᠨ | ᠭᠠᠮᠰᠢᠭ ᠢ ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ | ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠵᠢᠯ ᠢ ᠦᠨᠡᠨᠬᠦ ᠰᠠᠶᠢᠲᠤᠷ ᠠᠳᠬᠤᠵᠤ᠂ ᠬᠦᠨᠳᠦ ᠶᠡᠭᠡ | ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠪᠠᠯᠭᠠᠰᠤᠨ ᠤ ᠬᠡᠪᠴᠢᠶᠡᠨ ᠳᠣᠲᠣᠷᠠᠬᠢ | ᠠᠮᠤᠷ ᠲᠦᠪᠰᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠣᠳᠣᠬᠠᠨ ᠪᠣᠯᠲᠠᠯ᠎ᠠ᠂ ᠪᠦᠬᠦ | ᠪᠠᠯᠭᠠᠰᠤ ᠨᠡᠶᠢᠲᠡ 12 ᠤᠳᠠᠭ᠎ᠠ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ | 18 ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 100% ᠳᠤ ᠬᠦᠷᠪᠡ᠃ | ᠵᠥᠷᠢᠴᠡᠯ ᠢ ᠠᠷᠢᠯᠭᠠᠵᠤ ᠡᠶ᠎ᠡ ᠵᠣᠬᠢᠴᠠᠩᠭᠤᠢ ᠪᠠᠶᠢᠬᠤ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠰᠢᠢᠳᠪᠦᠷᠢᠯᠡᠬᠦ᠂ ᠡᠬᠢ ᠡᠭᠦᠰᠦᠯ ᠠᠴᠠ ᠨᠢ ᠵᠠᠰᠠᠬᠤ ᠪᠠ ᠠᠩᠬᠠᠨ ᠤ ᠵᠠᠬᠢᠳᠠᠯ ᠰᠣᠷᠪᠤᠯᠵᠢᠯᠠᠭ᠎ᠠ ᠶᠢ | ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ 28 ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠡᠶᠡᠳᠡᠭᠦᠯᠵᠦ᠂ | 10 ᠠᠰᠠᠭᠤᠳᠠᠯ ᠢ ᠰᠢᠢᠳᠪᠦᠷᠢᠯᠡᠪᠡ︔ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ | ᠡᠶᠡᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠤᠯᠠᠨ ᠲᠦᠮᠡᠨ ᠤ ᠵᠦᠢ | ᠶᠣᠰᠣᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠪᠡ᠂ 1 — 11 ᠰᠠᠷ᠎ᠠ ᠳᠤ᠂ 64 | ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠰᠢᠢᠳᠪᠦᠷᠢᠯᠡᠵᠦ᠂ 53 ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ 100% ᠳᠤ ᠬᠦᠷᠴᠦ᠂ ᠨᠡᠶᠢᠭᠡᠮ ᠤᠨ | ᠶᠡᠭᠡ ᠲᠠᠯ᠎ᠠ ᠲᠣᠭᠲᠠᠭᠤᠨ ᠪᠣᠯᠪᠠ᠃ | ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ ᠴᠢᠩᠭ᠎ᠠ ᠰᠡᠷᠭᠡᠶᠢᠯᠡᠨ᠎ᠡ᠃ ᠬᠠᠷᠢᠶᠠᠲᠤ ᠣᠷᠣᠨ ᠤ ᠳᠣᠲᠣᠷᠠᠬᠢ ᠣᠯᠠᠨ | ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ | 14 ᠲᠣᠰᠬᠤᠨ ᠤ ᠠᠷᠠᠳ ᠤᠨ ᠵᠥᠪᠯᠡᠯ ᠬᠠᠤᠯᠢ ᠪᠠᠷ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ 14 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ | ︶ ᠲᠤ ᠲᠦᠰᠢᠭᠯᠡᠨ᠂ ᠤᠬᠠᠭᠤᠯᠭ᠎ᠠ ᠲᠠᠶᠢᠯᠤᠮᠵᠢ ᠬᠢᠬᠦ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ | ᠤᠬᠠᠭᠤᠯᠭ᠎ᠠ ᠶᠢᠨ ᠹᠢᠯᠢᠮ ᠢ ᠦᠵᠡᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ | ᠨᠥᠯᠥᠭᠡᠯᠡᠬᠦ ᠬᠦᠴᠦᠨ ᠢ ᠨᠡᠮᠡᠭᠳᠡᠭᠦᠯᠪᠡ᠃ ᠣᠲᠣ ᠪᠣᠯᠲᠠᠯ᠎ᠠ᠂ ᠡᠯ᠎ᠡ ᠲᠣᠰᠬᠤᠨ ᠤ ᠬᠢᠨ ᠣᠯᠠᠨ ᠲᠦᠮᠡᠨ ᠢ ᠵᠣᠬᠢᠶᠠᠨ | ᠪᠠᠶᠢᠭᠤᠯᠤᠨ ᠬᠠᠤᠯᠢ ᠪᠠᠷ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ 19 ᠲᠠᠯᠠᠪᠤᠷ ᠦᠵᠡᠵᠦ᠂ 6000 | ᠭᠠᠷᠤᠶ ᠣᠯᠠᠨ ᠲᠦᠮᠡᠨ ᠢ ᠬᠠᠮᠤᠷᠴᠠᠶ᠃ | |