ᠹᠧᠩ ᠱᠸᠦ ᠰᠢᠶᠠᠩ ︽ᠭᠤᠷᠪᠠ ᠶᠢ ᠪᠠᠷᠢᠮᠲᠠᠯᠠᠬᠤ︾ ᠳᠤ ᠰᠠᠭᠤᠷᠢᠯᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/4
    ᠣᠶᠢᠷ᠎ᠠ ᠶᠢᠨ ᠵᠢᠯ ᠳᠤ᠂ ᠹᠧᠩ ᠱᠸᠦ ᠰᠢᠶᠠᠩ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ︽ᠭᠤᠷᠪᠠ ᠶᠢ ᠪᠠᠷᠢᠮᠲᠠᠯᠠᠬᠤ︾ ᠳᠤ ᠰᠠᠭᠤᠷᠢᠯᠠᠨ᠂ ᠠᠵᠢᠯ ᠤᠨ ᠰᠡᠳᠬᠢᠴᠡ ᠪᠠ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ ᠪᠠᠶᠢᠭᠠᠳ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠪᠠ᠃    ᠥᠨᠳᠥᠷ ᠲᠦᠪᠰᠢᠨ ᠢᠶᠠᠷ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ  ᠪᠠᠲᠤᠯᠠᠨ᠎ᠠ᠃ ᠰᠢᠶᠠᠩ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠬᠤᠷᠢᠶᠠᠨ ᠤ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠲᠣᠭᠲᠠᠭᠠᠬᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ  ᠪᠠᠲᠤᠯᠠᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠤᠷᠤᠯᠴᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠳᠤ ᠴᠢᠳᠠᠪᠤᠷᠢᠲᠠᠨ ᠤ ᠬᠦᠴᠦᠲᠡᠢ ᠪᠠᠲᠤᠯᠠᠭ᠎ᠠ  ᠬᠠᠩᠭᠠᠪᠠ᠃    ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠪᠠ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢᠨ ᠠᠵᠢᠯ ᠢ ᠭᠤᠣᠯ ᠠᠵᠢᠯ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠬᠦᠳᠦᠯᠦᠨ ᠳᠠᠭᠠᠭᠤᠯᠵᠤ ᠠᠬᠢᠭᠤᠯᠪᠠ᠃ ︽ᠨᠠᠮ ᠤᠨ ᠪᠠᠶᠢᠭᠤᠯᠤᠯᠲᠠ ᠶᠢ ᠲᠣᠥᠷᠵᠢᠭᠤᠯᠬᠤ︾ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠢ ᠦᠨᠳᠦᠰᠦᠨ ᠱᠠᠲᠤᠨ ᠤ ᠵᠠᠰᠠᠯᠲᠠ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃    ᠤᠯᠠᠨ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠡᠷᠡᠭᠴᠡᠭᠡ ᠶᠢ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠲᠣᠰᠬᠤᠨ ᠳᠤ ᠣᠴᠢᠭᠤᠯᠤᠨ ᠰᠤᠷᠪᠤᠯᠵᠢᠯᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠢᠳᠡᠪᠬᠢᠲᠡᠶ ᠪᠠᠷ ᠰᠢᠢᠳᠪᠦᠷᠢᠯᠡᠵᠦ ᠥᠭᠭᠦᠨ᠎ᠡ᠃ ᠡᠭᠦᠨ ᠤ ᠬᠠᠮᠲᠤ᠂ ᠰᠢᠶᠠᠩ ᠤᠨ ᠨᠠᠮ ᠤᠨ ᠬᠤᠷᠢᠶ᠎ᠠ ᠪᠠᠰᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠦᠨᠡᠨ ᠬᠦ ᠪᠠᠲᠤᠯᠠᠵᠤ᠂ ᠡᠨᠡ ᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ ᠣᠯᠠᠨ ᠲᠦᠮᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠪᠠ ᠮᠡᠳᠡᠷᠡᠮᠵᠢ ᠶᠢᠨ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠹᠧᠩ ᠱᠸᠦ ᠰᠢᠶᠠᠩ ᠨᠠᠮ ᠤᠨ ᠪᠠᠶᠢᠭᠤᠯᠤᠯᠲᠠ ᠶᠢᠨ ᠠᠵᠢᠯ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠹᠧᠩ ᠱᠸᠦ ᠶᠢᠨ ᠬᠥᠭᠵᠢᠯᠲᠡ ᠶᠢ ᠪᠡᠶᠡᠯᠡᠭᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号