| ᠠᠷᠠᠳ ᠤᠨ ᠠᠮᠢᠳᠤᠷᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠮᠣᠳᠤᠨ ᠠᠶᠢᠯ | ᠰᠢᠶᠠᠩ ︽ᠠᠷᠠᠳ ᠲᠦᠮᠡᠨ ᠢᠶᠠᠷ ᠦᠨᠳᠦᠰᠦ ᠪᠣᠯᠭᠠᠬᠤ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠤᠨ | ᠬᠦᠴᠢᠷᠳᠡᠯ ᠢ ᠰᠢᠢᠳᠪᠦᠷᠢᠯᠡᠬᠦ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠷᠠᠳ ᠤᠨ | ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ ᠰᠠᠬᠢᠬᠤ᠂ ᠪᠠᠴᠢᠮ ᠬᠦᠴᠢᠷ ᠢ ᠠᠪᠤᠷᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ︽ᠬᠥᠮᠦᠨ ᠲᠦᠷᠦ ᠶᠢᠨ ᠪᠤᠳᠤᠯᠭ᠎ᠠ ᠶᠢ ᠡᠷᠢᠬᠦ︾ ᠠᠴᠠ ︽ᠲᠦᠷᠦ ᠶᠢᠨ ᠪᠤᠳᠤᠯᠭ᠎ᠠ | ᠬᠥᠮᠦᠨ ᠢ ᠡᠷᠢᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ | ᠬᠦᠷᠲᠡᠮᠵᠢ ᠶᠢᠨ ᠲᠦᠷᠦᠭᠳᠡᠯ ᠢ ᠶᠡᠬᠡᠪᠡᠷ ᠳᠡᠭᠡᠭᠰᠢᠯᠡᠭᠦᠯᠪᠡ᠃ | ᠬᠦᠴᠢᠷᠳᠡᠯᠲᠡᠶ ᠡᠲᠡᠭᠡᠳ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠ ᠲᠦᠷᠭᠡᠨ ᠳᠠᠭᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠬᠢᠨᠠᠨ ᠬᠡᠮᠵᠢᠬᠦ | ᠲᠠᠪᠴᠠᠩ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠦᠢᠴᠡᠳ ᠬᠡᠷᠡᠭᠯᠡᠵᠦ᠂ ᠣᠷᠣᠯᠭ᠎ᠠ ᠪᠠᠭᠠᠲᠠᠶ ᠬᠥᠮᠦᠨ ᠠᠮᠠ ᠶᠢᠨ | ᠠᠮᠢᠳᠤᠷᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠲᠦᠭᠰᠢᠭᠦᠷᠢ ᠶᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠢᠨᠠᠨ | ᠬᠠᠷᠭᠤᠭᠤᠯᠵᠤ ᠰᠢᠢᠳᠪᠦᠷᠢᠯᠡᠨ᠂ ᠲᠥᠷᠥ ᠶᠢᠨ ᠪᠣᠳᠣᠯᠭ᠎ᠠ ᠪᠠᠷ ᠬᠥᠮᠦᠨ ᠡᠷᠢᠬᠦ᠂ ᠨᠠᠷᠢᠯᠢᠭ ᠣᠨᠤᠪᠴᠢᠲᠠᠢ ᠪᠠᠷ | ᠠᠪᠤᠷᠠᠨ ᠲᠤᠰᠠᠯᠠᠬᠤ᠂ ᠥᠨᠳᠥᠷ ᠦᠷ᠎ᠡ ᠪᠦᠲᠦᠮᠵᠢᠲᠡᠶ ᠪᠠᠷ ᠠᠪᠤᠷᠠᠨ ᠲᠤᠰᠠᠯᠠᠬᠤ ᠶᠢ ᠪᠡᠶᠡᠯᠡᠭᠦᠯᠦᠨ᠎ᠡ᠃ 11 ᠰᠠᠷ᠎ᠠ | ᠪᠣᠯᠲᠠᠯ᠎ᠠ᠂ ᠮᠣᠳᠤᠨ ᠠᠶᠢᠯ ᠰᠢᠶᠠᠩ ᠤᠨ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢ | ᠬᠥᠳᠡᠯᠦᠩᠭᠦᠶ ᠪᠠᠷ ᠲᠣᠬᠢᠷᠠᠭᠤᠯᠪᠠ᠂ ᠣᠲᠣ ᠨᠢᠭᠡᠨᠲᠡ 700 ᠭᠠᠷᠤᠶ ᠲᠦᠮᠡᠨ ᠲᠥᠭᠦᠷᠢᠭ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠥᠩᠭᠦ ᠲᠠᠷᠬᠠᠭᠠᠪᠠ᠃ | ᠲᠠᠷᠠᠬᠠᠶ ᠪᠤᠲᠠᠷᠬᠠᠶ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ ᠢ ᠬᠢᠨᠠᠨ ᠵᠥᠪᠰᠢᠶᠡᠷᠡᠬᠦ ᠪᠠ | ᠠᠪᠤᠷᠠᠨ ᠲᠤᠰᠠᠯᠠᠬᠤ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠣᠰᠣᠭᠠᠷ᠂ ᠰᠢᠶᠠᠩ ᠤᠨ ᠠᠷᠠᠳ ᠤᠨ ᠶᠠᠪᠤᠳᠠᠯ ᠤᠨ ᠠᠯᠪᠠᠨ ᠬᠡᠷ ᠠᠴᠠ ᠰᠢᠨ᠎ᠡ ᠪᠠᠷ ᠨᠡᠮᠡᠭᠳᠡᠭᠰᠡᠨ | ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠤᠨ ᠪᠣᠭᠤᠮᠲᠠ ᠶᠢ ᠴᠢᠩᠭ᠎ᠠ ᠠᠳᠬᠤᠵᠤ᠂ 2024 ᠣᠨ ᠳᠤ | ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ 17 ᠬᠥᠮᠦᠨ ᠰᠢᠨ᠎ᠡ ᠪᠠᠷ ᠨᠡᠮᠡᠭᠳᠡᠪᠡ᠃ ᠣᠲᠣ ᠪᠥᠬᠦ | ᠰᠢᠶᠠᠩ ᠳᠤ ᠲᠠᠷᠠᠬᠠᠶ ᠪᠤᠲᠠᠷᠬᠠᠶ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠨᠡᠶᠢᠲᠡ 165 ᠪᠠᠶᠢᠵᠤ᠂ | ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠨᠥᠬᠦᠪᠥᠷᠢ ᠮᠥᠩᠭᠦ ᠶᠢ 133.13 ᠲᠦᠮᠡᠨ ᠲᠥᠭᠦᠷᠢᠭ ᠢ ᠴᠠᠭ | ᠲᠤᠬᠠᠶ ᠳᠤᠨᠢ ᠲᠠᠷᠬᠠᠭᠠᠪᠠ᠃ | ᠭᠦᠴᠢᠷᠳᠡᠯ ᠳᠤ ᠲᠤᠯᠭᠠᠷᠬᠠᠰᠠᠨ ᠬᠡᠤᠬᠡᠳ ᠢ ᠰᠠᠨᠠᠭᠠᠴᠢᠯᠠᠭ᠎ᠠ ᠠᠴᠠ ᠪᠠᠨ ᠢᠯᠡᠷᠡᠬᠦᠯᠵᠦ ᠠᠪᠤᠷᠠᠨ ᠲᠤᠰᠠᠯᠠᠬᠤ | ᠲᠤᠨᠨᠳᠠᠴᠠ ᠶᠢ ᠪᠠᠶᠢᠭᠤᠯᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠦᠨᠳᠦᠰᠦᠨ ᠡᠷᠬᠡ ᠠᠰᠢᠭ ᠢ | ᠪᠠᠳᠤᠯᠠᠨ᠎ᠠ᠃ ᠰᠢᠶᠠᠩ ᠤᠨ ᠠᠷᠠᠳ ᠤᠨ ᠶᠠᠪᠤᠳᠠᠯ ᠤᠨ ᠠᠯᠪᠠᠨ ᠭᠡᠷ ᠠᠴᠠ ︽ᠬᠡᠦᠬᠡᠳ ᠤᠨ ᠬᠢᠨᠠᠨ ᠵᠢᠯᠣᠭᠤᠳᠤᠭᠴᠢ︾ | ᠂ ︽ᠬᠡᠦᠬᠡᠳ ᠤᠨ ᠡᠷᠬᠢᠯᠡᠭᠴᠢ︾ ᠶᠢ ᠰᠢᠯᠢᠳᠡᠭ ᠢ ᠨᠢ ᠰᠣᠩᠭᠤᠵᠤ᠂ ᠬᠡᠦᠬᠡᠳ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠤᠳᠤ ᠨᠢᠭᠡᠨᠲᠡ ᠬᠥᠳᠡᠭᠡ ᠲᠣᠰᠬᠤᠨ ᠤ ᠬᠤᠶᠠᠷ ᠱᠠᠲᠤ ᠶᠢ ᠪᠦᠬᠦᠨ ᠢ | ᠪᠦᠷᠬᠦᠭᠦᠯᠬᠦ ᠶᠢ ᠪᠡᠶᠡᠯᠡᠭᠦᠯᠪᠡ᠃ ᠡᠨᠡ ᠵᠢᠯ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠢ 1 ᠬᠥᠮᠦᠨ | ᠰᠢᠨ᠎ᠡ ᠪᠠᠷ ᠨᠡᠮᠡᠪᠡ᠃ ᠪᠦᠬᠦ ᠰᠢᠶᠠᠩ ᠤᠨ 14 ᠨᠡᠷ᠎ᠡ ᠪᠣᠳᠠᠲᠤ ᠶᠠᠪᠤᠳᠠᠯ ᠤᠨ ᠠᠰᠠᠷᠠᠨ ᠲᠡᠵᠢᠭᠡᠬᠦ ᠬᠡᠤᠬᠡᠳ ᠲᠤ | ᠦᠨᠳᠦᠰᠦᠨ ᠠᠮᠢᠳᠤᠷᠠᠯ ᠤᠨ ᠨᠥᠬᠦᠪᠥᠷᠢ ᠬᠦᠷᠲᠡᠭᠡᠵᠦ᠂ 20 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ | ᠲᠠᠷᠬᠠᠭᠠᠪᠠ᠃ | ᠨᠠᠰᠤᠲᠠᠶᠢᠴᠤᠳ ᠢ ᠠᠩᠬᠠᠷᠴᠤ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠢ | ᠪᠠᠲᠤᠯᠠᠨ᠎ᠠ᠃ ᠮᠣᠳᠣᠨ ᠠᠶᠢᠯ ᠰᠢᠶᠠᠩ ᠤᠨ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠦᠬᠦ ᠰᠢᠶᠠᠩ ᠤᠨ 691 ᠨᠡᠷᠡᠰ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠥᠨᠳᠥᠷ ᠨᠠᠰᠤᠨ ᠤ ᠨᠥᠬᠦᠪᠥᠷᠢ ᠮᠥᠩᠭᠦ ᠣᠯᠭᠤᠵᠤ᠂ ᠣᠲᠣ ᠪᠣᠯᠲᠠᠯ᠎ᠠ ᠨᠡᠶᠢᠲᠡ ᠳᠠᠯ᠎ᠠ ᠭᠠᠷᠤᠢ | ᠲᠦᠮᠡᠨ ᠲᠥᠭᠦᠷᠢᠭ ᠤᠨ ᠥᠨᠳᠥᠷ ᠨᠠᠰᠤᠨ ᠤ ᠨᠥᠬᠦᠪᠥᠷᠢ ᠮᠥᠩᠭᠦ ᠣᠯᠭᠤᠪᠠ᠃ ᠪᠦᠬᠦ ᠰᠢᠶᠠᠩ ᠤᠨ 888 ᠨᠡᠷᠡᠰ | 70 - 79 ᠨᠠᠰᠤᠨ ᠤ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠲᠤ ᠨᠥᠬᠦᠪᠥᠷᠢ ᠣᠯᠭᠤᠵᠤ᠂ ᠤᠳᠤ | ᠪᠣᠯᠲᠠᠯ᠎ᠠ 48.99 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ ᠡᠭᠦᠨ ᠤ ᠬᠠᠮᠲᠤ᠂ ᠪᠥᠬᠦ ᠰᠢᠶᠠᠩ | ᠳ᠋ᠦᠩ ᠸᠠᠨ ᠽᠢ ᠲᠣᠰᠬᠤᠨ᠂ ᠹᠧᠨ ᠽᠢ ᠳ᠋ᠢ ᠲᠣᠰᠬᠤᠨ᠂ ᠤᠯᠠᠭᠠᠨ ᠤᠰᠤ ᠲᠣᠰᠬᠤᠨ᠂ ᠸᠠᠨ ᠹᠠ ᠶᠦᠩ | ᠲᠣᠰᠬᠤᠨ ᠵᠡᠷᠭᠡ ᠳᠥᠷᠪᠡᠨ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠷᠲᠡᠭᠡ ᠶᠢ ᠪᠠᠶᠢᠭᠤᠯᠵᠤ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠠᠮᠢᠳᠤᠷᠠᠯ ᠢ ᠪᠥᠬᠦ ᠲᠠᠯ᠎ᠠ ᠪᠠᠷ | ᠬᠠᠮᠠᠭᠠᠯᠠᠪᠠ᠃ | ᠳᠠᠷᠠᠭᠠᠴᠢ ᠶᠢᠨ ᠠᠯᠬᠤᠮ ᠳᠤ ᠂ ᠮᠣᠳᠤᠨ ᠠᠶᠢᠯ ᠰᠢᠶᠠᠩ ᠦᠷᠭᠦᠯᠵᠢᠯᠡᠨ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠤᠯᠠᠨ ᠲᠦᠮᠡᠨ ᠲᠠᠢ ᠢᠯᠡᠭᠦᠬᠡᠨ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠪᠣᠯᠤᠨ᠎ᠠ᠃ |