ᠰᠠᠯᠪᠤᠷᠢ ᠰᠢᠶᠠᠩ ᠤᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠶᠢ ᠠᠬᠢᠭᠤᠯᠪᠠ
ᠨᠡᠶᠢᠲᠡᠯᠡᠭᠰᠡᠨ ᠴᠠᠭ᠄
2024/2/1
    ᠤᠢᠢᠷ᠎ᠠ ᠶᠢᠨ ᠵᠢᠯ ᠠᠴᠠ᠂ ᠰᠠᠯᠪᠤᠷᠢ ᠰᠢᠶᠠᠩ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠤᠨ ᠤᠯᠠᠨ ᠲᠦᠮᠡᠨ ᠤ ᠠᠵᠢᠯ ᠤᠨ ᠳᠠᠪᠠᠭᠤᠯᠢᠭ ᠢ ᠲᠠᠰᠤᠷᠠᠯᠲᠠ ᠦᠭᠡᠢ ᠦᠨᠳᠦᠰᠦᠨ ᠱᠠᠲᠤᠨ ᠤ ᠵᠠᠰᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠶᠢ ᠲᠠᠰᠤᠷᠠᠯᠲᠠ ᠦᠭᠡᠢ ᠭᠡᠷᠡᠯᠳᠦᠬᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠬᠦᠴᠦᠨ ᠨᠡᠮᠡᠷᠢᠯᠡᠪᠡ᠃    ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠲᠦᠰᠢᠭ ᠲᠤᠯᠭᠠᠭᠤᠷᠢ︾ ᠶᠢ ᠪᠠᠶᠢᠭᠤᠯᠤᠨ ᠬᠦᠴᠦᠷᠬᠡᠭᠵᠢᠭᠦᠯᠪᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ︽ᠨᠠᠮ ᠤᠨ ᠪᠠᠶᠢᠭᠤᠯᠤᠯᠲᠠ︾ ᠶᠢᠨ ᠵᠠᠰᠠᠯᠲᠠ ᠶᠢᠨ ᠵᠠᠭᠪᠤᠷ ᠢ ᠲᠠᠰᠤᠷᠠᠯᠲᠠ ᠥᠬᠡᠶ ᠪᠦᠷᠢᠨᠰᠢᠬᠦᠯᠵᠦ᠂ ᠪᠥᠬᠦ ᠰᠢᠶᠠᠩ ᠤᠨ 8 ᠲᠣᠰᠬᠤᠨ ᠳᠤ ᠪᠠᠷᠢᠮᠵᠢᠶᠠᠵᠢᠭᠰᠠᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠨᠢᠭᠡᠳᠦᠯᠲᠡᠶ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠣᠰᠬᠤᠨ ᠤ ᠳᠤᠭᠤᠶᠢᠯᠠᠩ ᠤᠨ ︽ᠲᠣᠣᠷᠵᠢᠯ︾ ᠤᠨ  ᠦᠢᠯᠡᠳᠦᠯ ᠢ  ᠭᠦᠢᠴᠡᠳ ᠪᠠᠳᠠᠷᠠᠭᠤᠯᠤᠨ᠂ ᠰᠢᠶᠠᠩ ᠤᠨ ᠨᠠᠮ ᠤᠨ ᠬᠤᠷᠢᠶ᠎ᠠ ᠪᠠᠷ ᠭᠤᠤᠯᠯᠠᠭᠤᠯᠬᠤ᠂ ᠨᠠᠮ ᠤᠨ ᠡᠭᠦᠷ ᠭᠤᠤᠯᠯᠠᠨ ᠠᠳᠬᠤᠬᠤ᠂ ᠲᠣᠰᠬᠤᠨ ᠤ ᠳᠤᠭᠤᠶᠢᠯᠠᠩ ᠤᠨ ᠬᠠᠮᠲᠤ ᠪᠠᠷ ᠪᠠᠶᠢᠭᠤᠯᠤᠭᠰᠠᠨ ︽ᠭᠤᠷᠪᠠ ᠶᠢ ᠨᠢᠭᠡ ᠴᠤᠭᠴᠠᠵᠢᠭᠤᠯᠬᠤ︾ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠠᠶᠢᠨ ᠰᠠᠶᠢᠬᠠᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠪᠠ᠃    ᠠᠷᠠᠳ ᠲᠦᠮᠡᠨ ᠳᠤ ᠦᠢᠯᠡᠴᠢᠯᠡᠵᠦ᠂ ᠬᠥᠳᠡᠭᠡ ᠲᠣᠰᠬᠤᠨ ᠤ ᠵᠠᠰᠠᠯᠲᠠ ᠶᠢᠨ ︽ᠬᠠᠮ ᠨᠢᠳᠤᠷᠭ᠎ᠠ︾ ᠶᠢ ᠰᠠᠶᠢᠲᠤᠷ ᠬᠢᠨ᠎ᠠ᠃ ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠲᠤᠰ ᠰᠢᠶᠠᠩ ︽ᠲᠦᠷᠪᠡᠨ ᠦᠨᠳᠦᠰᠦᠨ ᠱᠠᠲᠤᠨ ᠳᠤ ᠪᠠᠭᠤᠬᠤ︾ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠰᠢᠶᠠᠩ ᠤᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠡᠭᠦᠳᠡ ᠲᠣᠭᠰᠢᠬᠤ︾ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠥᠳᠡᠭᠡ ᠲᠣᠰᠬᠤᠨ ᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠭᠦᠨᠵᠡᠭᠡᠢ ᠣᠶᠢᠯᠠᠭᠠᠬᠤ ᠶᠢᠨ ᠬᠠᠮᠲᠤ ᠨᠠᠮ ᠪᠣᠯᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠵᠡᠷᠭᠡ ᠶᠢ ᠥᠷᠭᠡᠨ ᠢᠶᠠᠷ ᠤᠬᠠᠭᠤᠯᠪᠠ᠃ ᠡᠨᠡ ᠵᠢᠯ ᠠᠴᠠ ᠨᠠᠰᠢ᠂ ᠨᠢᠭᠡᠨᠲᠡ 21 ᠵᠦᠢᠯ ᠤᠨ ᠤᠯᠠᠨ ᠲᠦᠮᠡᠨ ᠤ ᠬᠦᠴᠢᠷᠳᠡᠯ ᠲᠠᠢ ᠶᠠᠪᠤᠳᠠᠯ ᠢ ᠴᠤᠭᠯᠠᠭᠤᠯᠵᠤ᠂ 19 ᠵᠦᠢᠯ ᠢ ᠰᠢᠢᠳᠪᠦᠷᠢᠯᠡᠵᠦ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ᠂ ᠬᠦᠴᠢᠷᠳᠡᠯ ᠢ ᠠᠪᠤᠷᠠᠨ ᠲᠤᠰᠠᠯᠠᠬᠤ ᠵᠡᠷᠭᠡ ᠲᠠᠯ᠎ᠠ ᠶᠢ ᠬᠠᠮᠤᠷᠴᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠢ ᠰᠢᠢᠳᠪᠦᠷᠢᠯᠡᠬᠦ ᠶᠢ ᠬᠦᠴᠦᠲᠡᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠪᠡ     ᠬᠥᠳᠡᠭᠡ ᠲᠣᠰᠬᠤᠨ ᠤ ᠰᠢᠨ᠎ᠡ ᠬᠡᠪ ᠰᠤᠷᠲᠠᠯ ᠢ ᠪᠣᠶ  ᠪᠣᠯᠭᠠᠨ᠎ᠠ᠃ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠣᠲᠣ ᠶᠢᠨ ᠪᠠᠶᠢᠭ᠎ᠠ ᠡᠬᠢ ᠪᠠᠶᠠᠯᠢᠭ ᠤᠨ ᠬᠥᠭᠵᠢᠯᠲᠡ ᠶᠢᠨ ᠡᠮ ᠤᠨ ᠮᠠᠲ᠋ᠧᠷᠢᠶᠠᠯ᠂ ᠲᠦᠬᠦᠭᠡᠷᠦᠮᠵᠢᠲᠦ ᠲᠠᠷᠢᠶᠠᠯᠠᠩ᠂ ᠠᠮᠤ ᠪᠤᠳᠠᠭ᠎ᠠ ᠬᠤᠳᠠᠯᠳᠤᠨ ᠠᠪᠴᠤ ᠪᠣᠷᠣᠯᠠᠭᠤᠯᠬᠤ ᠡᠳ᠋ᠰᠢᠭᠦᠯᠬᠦ᠂  ᠢᠳᠡᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠠᠵᠤ ᠦᠢᠯᠡᠰ ᠲᠤ ᠰᠠᠭᠤᠷᠢᠯᠠᠨ᠂ ᠲᠣᠰᠬᠤᠨ ᠤ ᠳᠡᠰ ᠤᠨ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠵᠤ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠨᠡᠶᠢᠭᠡᠮ ᠤᠨ ᠪᠣᠯᠪᠠᠰᠤᠨ ᠤ ᠰᠢᠨ᠎ᠡ ᠰᠤᠷᠲᠠᠯ ᠢ ᠰᠠᠨᠠᠭᠠᠴᠢᠯᠠᠵᠤ᠂ ᠦᠯᠢᠭᠡᠷ ᠳᠠᠭᠤᠷᠢᠶᠠᠯ ᠤᠨ ᠬᠦᠴᠦᠨ ᠢ ᠪᠠᠳᠠᠷᠠᠭᠤᠯᠵᠤ᠂ ︽ᠡᠷᠡᠭᠦᠯ ᠬᠠᠮᠠᠭᠠᠯᠠᠯ ᠤᠨ ᠵᠢᠱᠢᠶ᠎ᠡ ᠦᠵᠡᠭᠦᠯᠬᠦ ᠡᠷᠦᠬᠡ︾᠂ ︽ᠰᠠᠶᠢᠨ ᠬᠠᠳᠠᠮ ᠡᠵᠢ︾᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠵᠡᠷᠭᠡ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠩ ᠤᠨ ᠡᠯ᠎ᠡ ᠲᠣᠰᠬᠤᠨ ᠳᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠲᠣᠭᠤᠷᠢᠨ ᠦᠵᠡᠵᠦ ᠠᠳᠠᠯᠢᠳᠬᠠᠨ ᠰᠢᠯᠭᠠᠷᠠᠭᠤᠯᠵᠤ᠂ ︽ᠲᠣᠰᠬᠤᠨ ᠤ ᠳᠦᠷᠰᠦ ᠪᠠᠶᠢᠳᠠᠯ ᠢ ᠠᠳᠠᠯᠢᠳᠬᠠᠨ ᠴᠡᠪᠡᠷ ᠴᠡᠮᠴᠡᠭᠡᠷ᠂ ᠪᠣᠯᠪᠠᠰᠤᠨ ᠰᠢᠨ᠎ᠡ ᠰᠤᠷᠲᠠᠯ ᠢ ᠠᠳᠠᠯᠢᠳᠬᠠᠬᠤ︾ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠢᠳᠡᠪᠬᠢᠲᠡᠢ ᠪᠠᠷ ᠡᠵᠡᠨ ᠬᠥᠮᠦᠨ ᠪᠣᠯᠭᠠᠵᠤ᠂ ᠰᠠᠶᠢᠨ ᠰᠠᠶᠢᠬᠠᠨ ᠭᠡᠷ ᠣᠷᠣᠨ ᠢ ᠪᠦᠬᠦ ᠬᠦᠴᠦᠨ ᠢᠶᠠᠷ ᠢᠶᠠᠨ ᠬᠠᠮᠲᠤ ᠪᠠᠷ ᠪᠦᠳᠦᠭᠡᠨ ᠪᠠᠶᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号