ᠠᠣᠬᠠᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠯᠵᠢᠶ᠎ᠠ ᠬᠤᠳᠠᠯᠳᠤᠭᠠᠨ ᠤ  ᠭᠦᠢᠯᠭᠡᠭᠡᠨ ᠤ  ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/2/19
          ᠨᠢᠭᠡ ᠳᠤ᠂ ᠨᠢᠭᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠦᠷᠦᠭᠦᠯᠡᠨ ᠰᠠᠶᠢᠲᠤᠷ ᠠᠳᠬᠤᠨ᠎ᠠ᠃ ᠳᠠᠷᠤᠶ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠠᠯᠪᠠᠨ ᠬᠡᠷ ᠢ ᠪᠠᠶᠢᠭᠤᠯᠬᠤ ᠠᠵᠢᠯ ᠪᠣᠯᠤᠨ᠎ᠠ᠃  ᠲᠣᠪᠴᠢᠶ᠎ᠠ ᠳᠤ ᠲᠤᠰᠬᠠᠢ ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠭᠡᠷ ᠢ ᠪᠠᠶᠢᠭᠤᠯᠵᠤ᠂ 2023 ᠣᠨ ᠤ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠤᠬᠢᠷᠠᠭᠤᠯᠵᠦ ᠠᠬᠢᠭᠤᠯᠬᠤ ᠶᠢ ᠴᠢᠩᠭᠠᠳᠬᠠᠵᠤ᠂ ᠡᠯ᠎ᠡ  ᠲᠣᠪᠴᠢᠶ᠎ᠠ ᠶᠢᠨ ᠬᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠠᠵᠢᠯ ᠤᠨ ᠠᠷᠭ᠎ᠠ  ᠬᠡᠮᠵᠢᠶ᠎ᠡ ᠪᠠᠨ ᠲᠦᠷᠦᠯ ᠳᠠᠷᠠᠭᠠᠯᠠᠨ ᠨᠠᠷᠢᠯᠢᠬᠵᠢᠭᠤᠯᠵᠦ᠂ ᠡᠯ᠎ᠡ ᠵᠦᠢᠯ ᠤᠨ ᠡᠭᠦᠷᠭᠡ ᠴᠥᠮ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠣᠳᠣᠬᠠᠨ ᠳᠤ ᠣᠨ ᠤ ᠡᠭᠦᠷᠭᠡ ᠪᠠᠨ ᠪᠦᠬᠦᠨ ᠢ ᠪᠡᠶᠡᠯᠡᠭᠦᠯᠪᠡ᠃    ᠬᠤᠶᠠᠷ ᠲᠤ ᠂ ᠰᠠᠨᠠᠭᠠᠴᠢᠯᠠᠭ᠎ᠠ ᠠᠴᠠ ᠪᠠᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠤᠨ᠎ᠠ᠃ 2023 ᠣᠨ ᠳᠤ ᠮᠠᠨ ᠤ ᠲᠣᠪᠴᠢᠶ᠎ᠠ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠠᠩᠬ᠎ᠠ ᠤᠳᠠᠭ᠎ᠠ ︽ᠭᠠᠳᠠᠭᠠᠳᠤ ᠪᠠᠯᠠ ᠶᠢᠨ ᠭᠠᠳᠠᠭᠠᠳᠤ ᠠᠷᠠᠯᠵᠢᠶ᠎ᠠ ᠵᠢᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠠᠩᠭᠢ︾ ᠡᠷᠭᠢᠯᠡᠵᠦ᠂ ᠪᠥᠬᠦ ᠬᠤᠰᠢᠭᠤᠨ ᠤ 40 ᠭᠠᠷᠤᠶ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠪᠠ ᠬᠠᠮᠢᠶ᠎ᠠ ᠪᠥᠬᠦᠶ ᠠᠵᠢᠯᠲᠠᠳ ᠲᠤ ᠪᠣᠯᠪᠠᠰᠤᠷᠠᠯ ᠬᠦᠷᠲᠡᠭᠡᠪᠡ᠃ ᠳᠠᠭᠠᠳᠬᠠᠯ ᠢ ᠳᠠᠭᠠᠭᠠᠴᠢᠯᠠᠬᠤ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠵᠦ᠂ ᠭᠠᠳᠠᠭᠠᠳᠤ ᠠᠷᠠᠯᠵᠢᠶᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠭᠠᠳᠬᠠᠯ ᠢ ᠳᠠᠭᠠᠭᠠᠴᠢᠯᠠᠬᠤ ᠦᠢᠯᠡᠴᠢᠯᠡᠭᠡᠨ ᠤ ᠲᠦᠷᠢᠮ ᠢ ᠲᠣᠭᠲᠠᠭᠠᠭᠰᠠᠨ ᠪᠠ ︽ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠳᠠᠭᠠᠳᠬᠠᠯ ᠢ ᠳᠠᠭᠠᠭᠠᠴᠢᠯᠠᠬᠤ ᠦᠢᠯᠡᠴᠢᠯᠡᠭᠡ︾ ᠶᠢᠨ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠪᠠ᠃ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠦᠵᠡᠰᠬᠦᠯᠡᠩ ᠳᠤ ᠣᠷᠣᠯᠴᠠᠭᠤᠯᠤᠨ᠎ᠠ᠃ ᠣᠳᠣᠬᠠᠨ ᠪᠣᠯᠲᠠᠯ᠎ᠠ᠂ ᠮᠠᠨ ᠤ  ᠲᠣᠪᠴᠢᠶ᠎ᠠ ᠡᡁᠧ ᠹᠧᠩ ᠹᠦ᠋ ᠰᠢᠨ ᠶᠤᠸᠠᠨ᠂  ᠾᠦᠢ ᠨᠢᠦ ᠱᠠ ᠽᠢ ᠸᠠᠩ᠂ ᠥᠪᠥᠷ ᠮᠣᠩᠭᠤᠯ ᠤᠨ ᠰᠤ᠋ ᠰᠢᠶᠠᠩ ᠫᠢᠶᠣᠣ᠂  ᠱᠠ ᠮᠥᠸᠧ ᡁᠢ ᠬᠤᠸᠠ ᠵᠡᠷᠭᠡ ᠠᠵᠤ ᠠᠬᠤᠶᠢᠯᠠᠯ ᠢ 25 ᠪᠦᠯᠦᠭ ᠤᠳᠠᠭ᠎ᠠ ᠵᠣᠬᠢᠶᠠᠨ ᠪᠠᠶᠢᠭᠤᠯᠵᠤ ᠬᠡᠷᠡᠭᠯᠡᠭᠴᠢᠳ ᠤᠨ ᠬᠡᠷᠡᠭᠯᠡᠭᠡᠨ ᠤ ᠦᠵᠡᠰᠬᠦᠯᠡᠩ ᠤᠨ ᠴᠤᠭᠯᠠᠭᠠᠨ᠂ ᠤᠷᠤᠰ ᠮᠣᠩᠭᠤᠯ᠂ ᠶᠠᠫᠣᠨ ᠺᠣᠷᠢᠶᠠ᠂ ᠳᠤᠮᠳᠠᠳᠤ ᠠᠹᠷᠢᠺᠠ᠂ ᠠᠽᠢᠶ᠎ᠠ ᠧᠦ᠋ᠷᠣᠫᠠ ᠂ ᠥᠷᠥᠨᠡᠳᠠᠬᠢᠨ ᠤ ᠵᠥᠪᠳᠡᠯᠴᠡᠬᠡᠷ ᠤᠨ ᠴᠤᠭᠯᠠᠭᠠᠨ ᠵᠡᠷᠭᠡ 15 ᠠᠵᠤ ᠠᠬᠤᠢ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠭᠤᠯᠵᠠᠢ᠃ 2023 ᠣᠨ ᠳᠤ᠂ ᠪᠥᠬᠦ ᠬᠤᠰᠢᠭᠤᠨ ᠤ ᠭᠠᠳᠠᠭᠠᠳᠤ ᠭᠠᠷᠭᠠᠯᠲᠠ ᠨᠡᠶᠢᠲᠡ 1125.76 ᠲᠦᠮᠡᠨ ᠲᠥᠭᠦᠷᠢᠭ ᠲᠤ ᠬᠦᠷᠴᠦ᠂ ᠠᠩᠬ᠎ᠠ ᠤᠳᠠᠭ᠎ᠠ 500 ᠲᠦᠮᠡᠨ ᠲᠥᠭᠦᠷᠢᠭ ᠢ ᠳᠠᠪᠠᠵᠤ᠂ ᠨᠡᠮᠡᠭᠳᠡᠯ ᠤᠨ ᠨᠣᠷᠮ᠎ᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃    ᠭᠤᠷᠪᠠ ᠳᠤ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠶᠡᠭᠡ ᠪᠠᠷ ᠲᠦᠯᠬᠢᠨ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ 2022 — 2023 ᠣᠨ ᠤ ᠰᠢᠨ᠎ᠡ ᠵᠢᠯ ᠢ ᠤᠭᠲᠤᠬᠤ ᠪᠠᠷᠠᠭ᠎ᠠ ᠬᠤᠳᠠᠯᠳᠤᠨ ᠠᠪᠬᠤ ᠤᠯᠠᠷᠢᠯ᠂ ᠥᠯᠵᠡᠶᠢᠲᠦ ᠡᠳᠦᠷ ᠤᠨ ᠪᠠᠶᠠᠷ᠂ ︽ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ︾᠂ ︽ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ︾᠂ ︽ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠳᠤᠯᠠᠭᠠᠯᠠᠬᠤ ᠮᠥᠰᠥ ᠴᠠᠰᠤᠨ ᠤ ᠬᠡᠷᠡᠭᠯᠡᠭᠡᠨ ᠤ ᠤᠯᠠᠷᠢᠯ︾ ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠡᠷᠬᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠢᠯᠡᠳᠪᠦᠷᠢ ᠠᠴᠠ ᠠᠰᠢᠭ ᠣᠯᠭᠤᠬᠤ᠂ ᠬᠤᠳᠠᠯᠳᠤᠭᠠᠴᠢᠨ ᠢ ᠬᠢᠮᠳᠠᠷᠠᠭᠤᠯᠬᠤ᠂ ᠪᠠᠩᠬᠢ ᠠᠴᠠ ᠳᠦᠭᠦᠷᠲᠡᠯ᠎ᠡ ᠬᠠᠰᠤᠬᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠳᠠᠪᠬᠤᠴᠠᠯ ᠤᠨ ᠦᠢᠯᠡᠳᠦᠯ ᠢ ᠪᠤᠢ ᠪᠣᠯᠭᠠᠪᠠ᠃ ᠡᠨᠡ ᠵᠢᠯ ᠠᠴᠠ ᠨᠠᠰᠢ ᠰᠢᠨ  ᠾᠦᠢ ᠬᠤᠲᠠ ᠲᠣᠭᠤᠷᠢᠭ ᠪᠣᠯᠤᠨ ᠬᠤᠯᠪᠣᠭᠳᠠᠯ ᠪᠥᠬᠦᠶ ᠰᠢᠶᠠᠩ ᠪᠠᠯᠭᠠᠰᠤᠨ ᠳᠤ ᠲᠣᠮᠣ ᠬᠡᠯᠪᠡᠷᠢ ᠶᠢᠨ ᠰᠥᠨᠢ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ 5 ᠤᠳᠠᠭ᠎ᠠ ᠠᠴᠠ ᠳᠡᠭᠡᠭᠰᠢ ᠥᠷᠨᠢᠭᠦᠯᠦᠭᠰᠡᠨ ᠪᠠᠶᠢᠨ᠎ᠠ᠃ ᠬᠤᠰᠢᠭᠤᠨ ᠳᠣᠲᠣᠷᠠᠬᠢ ᠠᠵᠤ ᠠᠬᠤᠶᠢᠯᠠᠯ ᠬᠢᠭᠡᠳ ᠬᠠᠶ ᠳ᠋ᠢᠶᠠᠨ ᠲᠣᠭᠤᠷᠢᠭ ᠤᠨ 20 ᠭᠠᠷᠤᠶ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ  ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠂ 56 ᠬᠤᠪᠢ ᠰᠠᠨᠠᠮᠵᠢ ᠶᠢᠨ ᠬᠡᠯᠡᠯᠴᠡᠭᠡᠷ ᠲᠣᠭᠲᠠᠵᠤ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠨᠡᠭᠡᠭᠡᠪᠡ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠲᠣ ᠪᠣᠯᠲᠠᠯ᠎ᠠ᠂ ᠨᠢᠭᠡᠨᠲᠡ 5 ᠬᠤᠳᠠᠯᠳᠤᠭᠠᠨ ᠤ ᠨᠢᠭᠡᠴᠢ  ᠶᠢᠨ ᠳᠡᠭᠡᠳᠦ ᠬᠢᠵᠠᠭᠠᠷ ᠢ ᠨᠢᠭᠡᠳᠦᠯᠲᠡᠶ  ᠪᠤᠶᠢᠵᠢᠭᠤᠯᠪᠠ᠃    ᠲᠦᠷᠪᠡ ᠳᠤ ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ ᠨᠡᠶᠢᠳᠡ ᠳᠤᠨᠢ ᠬᠠᠷᠠᠭᠠᠯᠵᠠᠨ᠎ᠠ᠃ ᠰᠢᠶᠠᠨ ᠤ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠲᠥᠪ᠂ ᠰᠢᠶᠠᠩ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠲᠥᠪ᠂ ᠲᠣᠰᠬᠤᠨ ᠤ ᠲᠦᠬᠦᠮ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠢᠨᠵᠧᠨᠧᠷᠢᠩ ᠢ ᠲᠦᠷᠭᠡᠪᠴᠢᠯᠡᠨ ᠥᠭᠡᠷᠡᠴᠢᠯᠡᠨ᠎ᠡ᠃ ᠮᠠᠨ ᠤ ᠬᠤᠰᠢᠭᠤᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠠᠵᠢᠯ ᠤᠨ ᠲᠥᠰᠦᠯ᠂  ᠬᠦᠢᠲᠡᠨ ᠬᠡᠯᠬᠢᠶᠡᠲᠦ ᠪᠠᠷᠠᠭᠠᠨ ᠤ  ᠭᠦᠢᠯᠭᠡᠭᠡᠨ ᠤ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ ᠢ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠤᠭ᠎ᠠ ᠭᠦᠨᠵᠡᠭᠡᠶ ᠠᠭᠤᠰᠤᠯᠴᠠᠭᠤᠯᠤᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠣᠨ ᠤ ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠢᠳᠡᠪᠬᠢᠲᠡᠶ ᠵᠢᠯᠣᠭᠤᠳᠪᠠ᠃ ᠡᠯ᠎ᠡ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠬᠤᠯᠪᠣᠭᠠᠯᠠᠨ ᠪᠥᠬᠦ ᠬᠤᠰᠢᠭᠤᠨ ᠤ ᠡᠯ᠎ᠡ ᠵᠠᠰᠠᠭ ᠵᠠᠬᠢᠷᠭᠠᠨ ᠤ ᠲᠣᠰᠬᠤᠨ ᠳᠤ ᠲᠦᠷᠭᠡᠨ ᠬᠦᠷᠭᠡᠯᠲᠡ ᠶᠢᠨ ᠭᠥᠯᠢᠶᠡᠨ ᠠᠪᠬᠤ ᠴᠡᠭ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠲᠦᠷᠭᠡᠨ ᠬᠦᠷᠭᠡᠯᠲᠡ ᠶᠢᠨ ᠬᠦᠷᠴᠦ ᠳᠡᠶᠢᠯᠬᠦ ᠥᠬᠡᠶ ᠵᠠᠬ᠎ᠠ ᠬᠢᠵᠠᠭᠠᠷ ᠤᠨ ᠲᠣᠰᠬᠤᠨ ᠳᠤ ᠰᠢᠤᠳᠠᠨ ᠤ ᠺᠣᠮᠫᠠᠨᠢ ᠠᠴᠠ ᠦᠨᠳᠦᠰᠦᠨ  ᠵᠦᠢᠯ ᠢ ᠪᠠᠲᠤᠯᠠᠬᠤ  ᠦᠢᠯᠡᠴᠢᠯᠡᠭᠡ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠲᠣᠰᠬᠤᠨ ᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠥᠪ ᠤᠨ ᠰᠢᠭᠤᠳ ᠬᠠᠷᠢᠶ᠎ᠠ  ᠪᠠᠶᠢᠭᠤᠯᠭ᠎ᠠ ᠶᠢ ᠢᠳᠡᠪᠬᠢᠲᠡᠶ ᠪᠠᠷ ᠴᠢᠷᠮᠠᠶᠢᠵᠤ ᠪᠠᠶᠢᠭᠠᠳ ᠡᠯ᠎ᠡ ᠲᠤᠮᠤ ᠲᠦᠷᠭᠡᠨ ᠬᠦᠷᠭᠡᠯᠲᠡ ᠶᠢᠨ ᠭᠦᠩᠰᠧ ᠲᠠᠢ ᠢᠳᠡᠪᠬᠢᠲᠡᠶ ᠪᠠᠷ ᠵᠥᠪᠳᠡᠯᠴᠡᠭᠦᠯᠵᠦ᠂ ᠬᠦᠷᠭᠡᠬᠦ ᠰᠦᠢᠳᠬᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠪᠠ᠃ ᠨᠡᠶᠢᠲᠡ 130 ᠭᠠᠷᠤᠶ ᠲᠦᠮᠡᠨ ᠲᠥᠭᠦᠷᠢᠭ ᠤᠨ ᠬᠠᠷᠠᠭᠠᠯᠵᠠᠯᠲᠤ ᠢᠯᠡᠭᠡᠯᠲᠡ ᠶᠢᠨ ᠵᠠᠷᠤᠳᠠᠯ ᠲᠠᠢ᠃    ᠲᠠᠪᠤ ᠳᠤ  ᠂ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠪᠡᠭᠡᠵᠢᠩ ᠤᠨ ᠴᠢ ᠠᠨ ᠰᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ 10 ᠲᠦᠮᠡᠨ ᠲᠥᠭᠦᠷᠢᠭ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠠᠤᠬᠠᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠡᠵᠡᠩᠨᠡᠯᠲᠡ ᠶᠢᠨ ᠪᠦᠯᠬᠦᠮ ᠤᠨ ᠲᠠᠪᠴᠠᠩ ᠪᠠᠶᠢᠭᠤᠯᠬᠤ᠂ ᠰᠢᠭᠤᠳ ᠨᠡᠪᠲᠡᠷᠡᠭᠦᠯᠭᠡ ᠶᠢᠨ ᠤᠰᠤ ᠲᠠᠲᠠᠬᠤ ᠪᠠ ᠲᠣᠰ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤ ᠬᠡᠷᠡᠭᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠥᠭᠡᠳᠡᠯᠡᠬᠦ ᠰᠢᠰᠲ᠋ᠧᠮᠵᠢ ᠶᠢ 4 ᠲᠠᠯᠠᠪᠤᠷ ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 500 ᠭᠠᠷᠤᠶ ᠬᠥᠮᠦᠨ  ᠤᠳᠠᠭ᠎ᠠ ᠳᠤ  ᠪᠣᠯᠪᠠᠰᠤᠷᠠᠯ ᠬᠦᠷᠲᠡᠭᠡᠪᠡ᠃ 16 ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠳᠣᠷᠣᠨᠠᠳᠠᠬᠢᠨ ᠤ ᠬᠢᠨᠠᠨ ᠰᠢᠯᠭᠠᠷᠠᠭᠤᠯᠤᠯᠲᠠ᠂ ᠵᠠᠭᠤᠨ ᠰᠢᠶᠠᠨ ᠤ ᠵᠠᠭᠤᠨ ᠪᠦᠲᠦᠭᠡᠭᠳᠡᠬᠦᠨ᠂ ᠰᠢᠨ ᠰᠢᠶᠦᠸᠠᠨ ᠵᠡᠷᠭᠡ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ᠣᠷᠣᠯᠴᠠᠪᠠ᠃ 2023 ᠣᠨ ᠤ ᠤᠯᠠᠭᠠᠨᠬᠠᠳᠠ ᠬᠤᠲᠠ ᠶᠢᠨ ᠠᠩᠬᠠᠳᠤᠭᠠᠷ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠠᠶᠠᠷ ᠤᠨ ᠰᠢᠷᠢᠰ ᠠᠵᠢᠯᠯᠠᠭ᠎ᠠ ᠶᠢᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃   
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号