ᠨᠢᠭᠡ ᠳᠤ᠂ ᠨᠢᠭᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠦᠷᠦᠭᠦᠯᠡᠨ ᠰᠠᠶᠢᠲᠤᠷ ᠠᠳᠬᠤᠨ᠎ᠠ᠃ | ᠳᠠᠷᠤᠶ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠠᠯᠪᠠᠨ ᠬᠡᠷ ᠢ ᠪᠠᠶᠢᠭᠤᠯᠬᠤ | ᠠᠵᠢᠯ ᠪᠣᠯᠤᠨ᠎ᠠ᠃ ᠲᠣᠪᠴᠢᠶ᠎ᠠ ᠳᠤ ᠲᠤᠰᠬᠠᠢ ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠭᠡᠷ ᠢ ᠪᠠᠶᠢᠭᠤᠯᠵᠤ | ᠂ 2023 ᠣᠨ ᠤ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠠᠵᠢᠯ ᠤᠨ ᠲᠣᠭᠲᠠᠴᠠ ᠶᠢ | ᠪᠦᠷᠢᠨᠰᠢᠬᠦᠯᠵᠦ᠂ ᠲᠤᠬᠢᠷᠠᠭᠤᠯᠵᠦ ᠠᠬᠢᠭᠤᠯᠬᠤ ᠶᠢ ᠴᠢᠩᠭᠠᠳᠬᠠᠵᠤ᠂ ᠡᠯ᠎ᠡ ᠲᠣᠪᠴᠢᠶ᠎ᠠ ᠶᠢᠨ ᠬᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠠᠵᠢᠯ ᠤᠨ ᠠᠷᠭ᠎ᠠ ᠬᠡᠮᠵᠢᠶ᠎ᠡ ᠪᠠᠨ ᠲᠦᠷᠦᠯ ᠳᠠᠷᠠᠭᠠᠯᠠᠨ | ᠨᠠᠷᠢᠯᠢᠬᠵᠢᠭᠤᠯᠵᠦ᠂ ᠡᠯ᠎ᠡ ᠵᠦᠢᠯ ᠤᠨ ᠡᠭᠦᠷᠭᠡ ᠴᠥᠮ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ | ᠣᠳᠣᠬᠠᠨ ᠳᠤ ᠣᠨ ᠤ ᠡᠭᠦᠷᠭᠡ ᠪᠠᠨ ᠪᠦᠬᠦᠨ ᠢ ᠪᠡᠶᠡᠯᠡᠭᠦᠯᠪᠡ᠃ | ᠬᠤᠶᠠᠷ ᠲᠤ ᠂ ᠰᠠᠨᠠᠭᠠᠴᠢᠯᠠᠭ᠎ᠠ ᠠᠴᠠ ᠪᠠᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠶᠠᠪᠤᠳᠠᠯ | ᠪᠣᠯᠤᠨ᠎ᠠ᠃ 2023 ᠣᠨ ᠳᠤ ᠮᠠᠨ ᠤ ᠲᠣᠪᠴᠢᠶ᠎ᠠ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ | ᠠᠩᠬ᠎ᠠ ᠤᠳᠠᠭ᠎ᠠ ︽ᠭᠠᠳᠠᠭᠠᠳᠤ ᠪᠠᠯᠠ ᠶᠢᠨ ᠭᠠᠳᠠᠭᠠᠳᠤ ᠠᠷᠠᠯᠵᠢᠶ᠎ᠠ ᠵᠢᠴᠢ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠪᠣᠯᠪᠠᠰᠤᠷᠠᠯ ᠤᠨ ᠠᠩᠭᠢ︾ ᠡᠷᠭᠢᠯᠡᠵᠦ᠂ ᠪᠥᠬᠦ ᠬᠤᠰᠢᠭᠤᠨ ᠤ 40 ᠭᠠᠷᠤᠶ ᠭᠤᠤᠯᠳᠠᠯᠭ᠎ᠠ ᠲᠠᠢ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠪᠠ ᠬᠠᠮᠢᠶ᠎ᠠ ᠪᠥᠬᠦᠶ ᠠᠵᠢᠯᠲᠠᠳ ᠲᠤ ᠪᠣᠯᠪᠠᠰᠤᠷᠠᠯ ᠬᠦᠷᠲᠡᠭᠡᠪᠡ᠃ | ᠳᠠᠭᠠᠳᠬᠠᠯ ᠢ ᠳᠠᠭᠠᠭᠠᠴᠢᠯᠠᠬᠤ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠵᠦ᠂ ᠭᠠᠳᠠᠭᠠᠳᠤ ᠠᠷᠠᠯᠵᠢᠶᠠᠨ ᠤ | ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠭᠠᠳᠬᠠᠯ ᠢ ᠳᠠᠭᠠᠭᠠᠴᠢᠯᠠᠬᠤ ᠦᠢᠯᠡᠴᠢᠯᠡᠭᠡᠨ ᠤ ᠲᠦᠷᠢᠮ ᠢ | ᠲᠣᠭᠲᠠᠭᠠᠭᠰᠠᠨ ᠪᠠ ︽ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠳᠠᠭᠠᠳᠬᠠᠯ ᠢ ᠳᠠᠭᠠᠭᠠᠴᠢᠯᠠᠬᠤ | ᠦᠢᠯᠡᠴᠢᠯᠡᠭᠡ︾ ᠶᠢᠨ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠪᠠ᠃ ᠠᠵᠤ ᠠᠬᠤᠶᠢᠯᠠᠯ ᠢ ᠵᠣᠬᠢᠶᠠᠨ | ᠪᠠᠶᠢᠭᠤᠯᠵᠤ ᠦᠵᠡᠰᠬᠦᠯᠡᠩ ᠳᠤ ᠣᠷᠣᠯᠴᠠᠭᠤᠯᠤᠨ᠎ᠠ᠃ ᠣᠳᠣᠬᠠᠨ ᠪᠣᠯᠲᠠᠯ᠎ᠠ᠂ ᠮᠠᠨ ᠤ ᠲᠣᠪᠴᠢᠶ᠎ᠠ ᠡᡁᠧ ᠹᠧᠩ ᠹᠦ᠋ | ᠰᠢᠨ ᠶᠤᠸᠠᠨ᠂ ᠾᠦᠢ ᠨᠢᠦ ᠱᠠ ᠽᠢ ᠸᠠᠩ᠂ ᠥᠪᠥᠷ ᠮᠣᠩᠭᠤᠯ ᠤᠨ ᠰᠤ᠋ ᠰᠢᠶᠠᠩ ᠫᠢᠶᠣᠣ᠂ ᠱᠠ ᠮᠥᠸᠧ ᡁᠢ | ᠬᠤᠸᠠ ᠵᠡᠷᠭᠡ ᠠᠵᠤ ᠠᠬᠤᠶᠢᠯᠠᠯ ᠢ 25 ᠪᠦᠯᠦᠭ ᠤᠳᠠᠭ᠎ᠠ ᠵᠣᠬᠢᠶᠠᠨ ᠪᠠᠶᠢᠭᠤᠯᠵᠤ ᠬᠡᠷᠡᠭᠯᠡᠭᠴᠢᠳ ᠤᠨ ᠬᠡᠷᠡᠭᠯᠡᠭᠡᠨ ᠤ | ᠦᠵᠡᠰᠬᠦᠯᠡᠩ ᠤᠨ ᠴᠤᠭᠯᠠᠭᠠᠨ᠂ ᠤᠷᠤᠰ ᠮᠣᠩᠭᠤᠯ᠂ ᠶᠠᠫᠣᠨ ᠺᠣᠷᠢᠶᠠ᠂ ᠳᠤᠮᠳᠠᠳᠤ ᠠᠹᠷᠢᠺᠠ᠂ ᠠᠽᠢᠶ᠎ᠠ ᠧᠦ᠋ᠷᠣᠫᠠ ᠂ | ᠥᠷᠥᠨᠡᠳᠠᠬᠢᠨ ᠤ ᠵᠥᠪᠳᠡᠯᠴᠡᠬᠡᠷ ᠤᠨ ᠴᠤᠭᠯᠠᠭᠠᠨ ᠵᠡᠷᠭᠡ 15 ᠠᠵᠤ ᠠᠬᠤᠢ ᠠᠷᠠᠯᠵᠢᠶᠠᠨ ᠤ ᠦᠵᠡᠰᠬᠦᠯᠡᠩ ᠤᠨ | ᠴᠤᠭᠯᠠᠭᠠᠨ ᠳᠤ ᠣᠷᠣᠯᠴᠠᠭᠤᠯᠵᠠᠢ᠃ 2023 ᠣᠨ ᠳᠤ᠂ ᠪᠥᠬᠦ ᠬᠤᠰᠢᠭᠤᠨ ᠤ ᠭᠠᠳᠠᠭᠠᠳᠤ ᠭᠠᠷᠭᠠᠯᠲᠠ ᠨᠡᠶᠢᠲᠡ | 1125.76 ᠲᠦᠮᠡᠨ ᠲᠥᠭᠦᠷᠢᠭ ᠲᠤ ᠬᠦᠷᠴᠦ᠂ ᠠᠩᠬ᠎ᠠ ᠤᠳᠠᠭ᠎ᠠ 500 ᠲᠦᠮᠡᠨ ᠲᠥᠭᠦᠷᠢᠭ ᠢ ᠳᠠᠪᠠᠵᠤ᠂ | ᠨᠡᠮᠡᠭᠳᠡᠯ ᠤᠨ ᠨᠣᠷᠮ᠎ᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ | ᠭᠤᠷᠪᠠ ᠳᠤ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠶᠡᠭᠡ ᠪᠠᠷ | ᠲᠦᠯᠬᠢᠨ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ 2022 | — 2023 ᠣᠨ ᠤ ᠰᠢᠨ᠎ᠡ ᠵᠢᠯ ᠢ ᠤᠭᠲᠤᠬᠤ ᠪᠠᠷᠠᠭ᠎ᠠ ᠬᠤᠳᠠᠯᠳᠤᠨ ᠠᠪᠬᠤ ᠤᠯᠠᠷᠢᠯ᠂ ᠥᠯᠵᠡᠶᠢᠲᠦ ᠡᠳᠦᠷ ᠤᠨ | ᠪᠠᠶᠠᠷ᠂ ︽ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ︾᠂ ︽ᠲᠠᠪᠤᠨ ᠰᠠᠷ᠎ᠠ ᠶᠢᠨ ᠨᠢᠭᠡᠨ ᠤ | ᠬᠥᠳᠡᠯᠮᠦᠷᠢᠴᠢᠳ ᠤᠨ ᠪᠠᠶᠠᠷ︾᠂ ︽ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠳᠤᠯᠠᠭᠠᠯᠠᠬᠤ ᠮᠥᠰᠥ | ᠴᠠᠰᠤᠨ ᠤ ᠬᠡᠷᠡᠭᠯᠡᠭᠡᠨ ᠤ ᠤᠯᠠᠷᠢᠯ︾ ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠡᠷᠬᠢᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠢᠯᠡᠳᠪᠦᠷᠢ ᠠᠴᠠ ᠠᠰᠢᠭ ᠣᠯᠭᠤᠬᠤ᠂ ᠬᠤᠳᠠᠯᠳᠤᠭᠠᠴᠢᠨ ᠢ | ᠬᠢᠮᠳᠠᠷᠠᠭᠤᠯᠬᠤ᠂ ᠪᠠᠩᠬᠢ ᠠᠴᠠ ᠳᠦᠭᠦᠷᠲᠡᠯ᠎ᠡ ᠬᠠᠰᠤᠬᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠳᠠᠪᠬᠤᠴᠠᠯ ᠤᠨ ᠦᠢᠯᠡᠳᠦᠯ ᠢ | ᠪᠤᠢ ᠪᠣᠯᠭᠠᠪᠠ᠃ ᠡᠨᠡ ᠵᠢᠯ ᠠᠴᠠ ᠨᠠᠰᠢ ᠰᠢᠨ ᠾᠦᠢ ᠬᠤᠲᠠ ᠲᠣᠭᠤᠷᠢᠭ ᠪᠣᠯᠤᠨ ᠬᠤᠯᠪᠣᠭᠳᠠᠯ ᠪᠥᠬᠦᠶ ᠰᠢᠶᠠᠩ | ᠪᠠᠯᠭᠠᠰᠤᠨ ᠳᠤ ᠲᠣᠮᠣ ᠬᠡᠯᠪᠡᠷᠢ ᠶᠢᠨ ᠰᠥᠨᠢ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ 5 ᠤᠳᠠᠭ᠎ᠠ ᠠᠴᠠ ᠳᠡᠭᠡᠭᠰᠢ | ᠥᠷᠨᠢᠭᠦᠯᠦᠭᠰᠡᠨ ᠪᠠᠶᠢᠨ᠎ᠠ᠃ ᠬᠤᠰᠢᠭᠤᠨ ᠳᠣᠲᠣᠷᠠᠬᠢ ᠠᠵᠤ ᠠᠬᠤᠶᠢᠯᠠᠯ ᠬᠢᠭᠡᠳ ᠬᠠᠶ ᠳ᠋ᠢᠶᠠᠨ ᠲᠣᠭᠤᠷᠢᠭ ᠤᠨ 20 | ᠭᠠᠷᠤᠶ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠂ | 56 ᠬᠤᠪᠢ ᠰᠠᠨᠠᠮᠵᠢ ᠶᠢᠨ ᠬᠡᠯᠡᠯᠴᠡᠭᠡᠷ ᠲᠣᠭᠲᠠᠵᠤ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠨᠡᠭᠡᠭᠡᠪᠡ᠃ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠲᠣ ᠪᠣᠯᠲᠠᠯ᠎ᠠ᠂ ᠨᠢᠭᠡᠨᠲᠡ | 5 ᠬᠤᠳᠠᠯᠳᠤᠭᠠᠨ ᠤ ᠨᠢᠭᠡᠴᠢ ᠶᠢᠨ ᠳᠡᠭᠡᠳᠦ ᠬᠢᠵᠠᠭᠠᠷ ᠢ ᠨᠢᠭᠡᠳᠦᠯᠲᠡᠶ ᠪᠤᠶᠢᠵᠢᠭᠤᠯᠪᠠ᠃ | ᠲᠦᠷᠪᠡ ᠳᠤ ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠵᠦ ᠨᠡᠶᠢᠳᠡ ᠳᠤᠨᠢ ᠬᠠᠷᠠᠭᠠᠯᠵᠠᠨ᠎ᠠ᠃ ᠰᠢᠶᠠᠨ ᠤ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠲᠥᠪ᠂ | ᠰᠢᠶᠠᠩ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠲᠥᠪ᠂ ᠲᠣᠰᠬᠤᠨ ᠤ ᠲᠦᠬᠦᠮ ᠳᠡᠯᠭᠡᠭᠦᠷ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠢᠨᠵᠧᠨᠧᠷᠢᠩ ᠢ ᠲᠦᠷᠭᠡᠪᠴᠢᠯᠡᠨ ᠥᠭᠡᠷᠡᠴᠢᠯᠡᠨ᠎ᠡ᠃ ᠮᠠᠨ ᠤ ᠬᠤᠰᠢᠭᠤᠨ ᠤ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ᠂ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠬᠦ ᠠᠵᠢᠯ ᠤᠨ ᠲᠥᠰᠦᠯ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ | ᠠᠬᠢᠭᠤᠯᠬᠤ ᠠᠵᠢᠯ ᠤᠨ ᠲᠥᠰᠦᠯ ᠢ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠯᠤᠭ᠎ᠠ ᠭᠦᠨᠵᠡᠭᠡᠶ ᠠᠭᠤᠰᠤᠯᠴᠠᠭᠤᠯᠤᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠣᠨ ᠤ | ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠢᠳᠡᠪᠬᠢᠲᠡᠶ ᠵᠢᠯᠣᠭᠤᠳᠪᠠ᠃ ᠡᠯ᠎ᠡ | ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠬᠤᠯᠪᠣᠭᠠᠯᠠᠨ ᠪᠥᠬᠦ ᠬᠤᠰᠢᠭᠤᠨ ᠤ ᠡᠯ᠎ᠡ ᠵᠠᠰᠠᠭ | ᠵᠠᠬᠢᠷᠭᠠᠨ ᠤ ᠲᠣᠰᠬᠤᠨ ᠳᠤ ᠲᠦᠷᠭᠡᠨ ᠬᠦᠷᠭᠡᠯᠲᠡ ᠶᠢᠨ ᠭᠥᠯᠢᠶᠡᠨ ᠠᠪᠬᠤ ᠴᠡᠭ ᠪᠠᠶᠢᠭᠤᠯᠵᠤ᠂ ᠠᠷᠠᠳ ᠤᠨ | ᠡᠵᠡᠩᠨᠡᠯᠲᠡ ᠶᠢᠨ ᠲᠦᠷᠭᠡᠨ ᠬᠦᠷᠭᠡᠯᠲᠡ ᠶᠢᠨ ᠬᠦᠷᠴᠦ ᠳᠡᠶᠢᠯᠬᠦ ᠥᠬᠡᠶ ᠵᠠᠬ᠎ᠠ ᠬᠢᠵᠠᠭᠠᠷ ᠤᠨ ᠲᠣᠰᠬᠤᠨ ᠳᠤ | ᠰᠢᠤᠳᠠᠨ ᠤ ᠺᠣᠮᠫᠠᠨᠢ ᠠᠴᠠ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠶᠢ ᠬᠡᠷᠡᠭᠵᠢᠭᠦᠯᠵᠦ᠂ ᠵᠠᠰᠠᠭ | ᠵᠠᠬᠢᠷᠭᠠᠨ ᠤ ᠲᠣᠰᠬᠤᠨ ᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠥᠪ ᠤᠨ ᠰᠢᠭᠤᠳ | ᠬᠠᠷᠢᠶ᠎ᠠ ᠪᠠᠶᠢᠭᠤᠯᠭ᠎ᠠ ᠶᠢ ᠢᠳᠡᠪᠬᠢᠲᠡᠶ ᠪᠠᠷ ᠴᠢᠷᠮᠠᠶᠢᠵᠤ ᠪᠠᠶᠢᠭᠠᠳ ᠡᠯ᠎ᠡ ᠲᠤᠮᠤ ᠲᠦᠷᠭᠡᠨ ᠬᠦᠷᠭᠡᠯᠲᠡ ᠶᠢᠨ | ᠭᠦᠩᠰᠧ ᠲᠠᠢ ᠢᠳᠡᠪᠬᠢᠲᠡᠶ ᠪᠠᠷ ᠵᠥᠪᠳᠡᠯᠴᠡᠭᠦᠯᠵᠦ᠂ ᠬᠦᠷᠭᠡᠬᠦ ᠰᠦᠢᠳᠬᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠪᠠ᠃ | ᠨᠡᠶᠢᠲᠡ 130 ᠭᠠᠷᠤᠶ ᠲᠦᠮᠡᠨ ᠲᠥᠭᠦᠷᠢᠭ ᠤᠨ ᠬᠠᠷᠠᠭᠠᠯᠵᠠᠯᠲᠤ ᠢᠯᠡᠭᠡᠯᠲᠡ ᠶᠢᠨ ᠵᠠᠷᠤᠳᠠᠯ ᠲᠠᠢ᠃ | ᠲᠠᠪᠤ ᠳᠤ ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠪᠡᠭᠡᠵᠢᠩ ᠤᠨ ᠴᠢ ᠠᠨ ᠰᠢᠨ ᠨᠡᠶᠢᠲᠡ ᠶᠢᠨ ᠠᠰᠠᠷᠠᠮᠵᠢ ᠶᠢᠨ | ᠰᠠᠭᠤᠷᠢ ᠮᠥᠩᠭᠦᠨ ᠤ ᠨᠡᠶᠢᠭᠡᠮᠯᠢᠭ ᠤᠨ 10 ᠲᠦᠮᠡᠨ ᠲᠥᠭᠦᠷᠢᠭ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠠᠤᠬᠠᠨ | ᠬᠤᠰᠢᠭᠤᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠡᠵᠡᠩᠨᠡᠯᠲᠡ ᠶᠢᠨ ᠪᠦᠯᠬᠦᠮ ᠤᠨ | ᠲᠠᠪᠴᠠᠩ ᠪᠠᠶᠢᠭᠤᠯᠬᠤ᠂ ᠰᠢᠭᠤᠳ ᠨᠡᠪᠲᠡᠷᠡᠭᠦᠯᠭᠡ ᠶᠢᠨ ᠤᠰᠤ ᠲᠠᠲᠠᠬᠤ ᠪᠠ ᠲᠣᠰ ᠭᠠᠵᠠᠷ ᠤᠨ ᠲᠠᠷᠢᠶᠠᠯᠠᠩ ᠤᠨ | ᠣᠨᠴᠠ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤ ᠬᠡᠷᠡᠭᠯᠡᠵᠦ᠂ ᠲᠠᠷᠢᠶᠠᠯᠠᠩ ᠤᠨ | ᠪᠦᠲᠦᠭᠡᠭᠳᠡᠬᠦᠨ ᠤ ᠥᠭᠡᠳᠡᠯᠡᠬᠦ ᠰᠢᠰᠲ᠋ᠧᠮᠵᠢ ᠶᠢ 4 ᠲᠠᠯᠠᠪᠤᠷ ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 500 ᠭᠠᠷᠤᠶ ᠬᠥᠮᠦᠨ ᠤᠳᠠᠭ᠎ᠠ ᠳᠤ ᠪᠣᠯᠪᠠᠰᠤᠷᠠᠯ ᠬᠦᠷᠲᠡᠭᠡᠪᠡ᠃ | 16 ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠬᠢᠶᠠᠨ | ᠪᠠᠶᠢᠭᠤᠯᠤᠨ ᠵᠢᠯᠣᠭᠤᠳᠴᠤ᠂ ᠳᠣᠷᠣᠨᠠᠳᠠᠬᠢᠨ ᠤ ᠬᠢᠨᠠᠨ ᠰᠢᠯᠭᠠᠷᠠᠭᠤᠯᠤᠯᠲᠠ᠂ ᠵᠠᠭᠤᠨ ᠰᠢᠶᠠᠨ ᠤ ᠵᠠᠭᠤᠨ | ᠪᠦᠲᠦᠭᠡᠭᠳᠡᠬᠦᠨ᠂ ᠰᠢᠨ ᠰᠢᠶᠦᠸᠠᠨ ᠵᠡᠷᠭᠡ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ | ᠠᠵᠢᠯᠯᠠᠭ᠎ᠠ ᠳᠤ ᠣᠷᠣᠯᠴᠠᠪᠠ᠃ 2023 ᠣᠨ ᠤ ᠤᠯᠠᠭᠠᠨᠬᠠᠳᠠ ᠬᠤᠲᠠ ᠶᠢᠨ ᠠᠩᠬᠠᠳᠤᠭᠠᠷ ᠬᠤᠭᠤᠴᠠᠭᠠᠨ ᠤ | ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠠᠶᠠᠷ ᠤᠨ ᠰᠢᠷᠢᠰ ᠠᠵᠢᠯᠯᠠᠭ᠎ᠠ ᠶᠢᠨ ᠰᠢᠯᠢᠳᠡᠭ | ᠵᠣᠬᠢᠶᠠᠨ ᠪᠠᠶᠢᠭᠤᠯᠤᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ | |