ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠵᠣᠴᠢᠳ ᠤᠨ ᠪᠠᠭᠤᠳᠠᠯ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/2/20
       ᠵᠣᠴᠢᠳ ᠤᠨ ᠪᠠᠭᠤᠳᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠱᠠᠯᠠᠪᠳᠠᠭᠤᠯᠵᠤ᠂ ᠵᠣᠴᠢᠳ ᠤᠨ ᠪᠠᠭᠤᠳᠠᠯ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠵᠣᠴᠢᠳ ᠤᠨ ᠪᠠᠭᠤᠳᠠᠯ᠂ ᠪᠠᠭᠤᠳᠠᠯ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠶᠠᠪᠤᠴᠠ ᠳᠤ᠂ ᠶᠡᠭᠡ ᠠᠩᠭᠢ ᠶᠢᠨ ᠭᠠᠯ ᠤᠨᠲᠠᠷᠠᠭᠠᠬᠤ ᠬᠢᠨᠠᠯᠲᠠ ᠲᠠᠯᠪᠢᠭᠴᠢ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠠᠴᠠ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ᠂ ᠵᠢᠵᠢᠭᠦᠷᠯᠡᠬᠦ ᠲᠦᠷᠢᠮ᠂ ᠠᠵᠢᠯᠲᠠᠨ ᠤ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠵᠢᠴᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ ᠲᠥᠰᠦᠯ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠯ᠎ᠡ ᠵᠣᠴᠢᠳ ᠤᠨ ᠪᠠᠭᠤᠳᠠᠯ ᠤᠨ ᠠᠮᠤᠷ ᠲᠦᠪᠰᠢᠨ ᠤ ᠭᠠᠷᠬᠤ ᠡᠭᠦᠳᠡ ᠪᠠ ᠲᠠᠷᠬᠠᠭᠠᠬᠤ ᠵᠠᠮ ᠤᠨ ᠪᠠᠶᠢᠷᠢᠯᠠᠭᠤᠯᠤᠯᠲᠠ᠂ ᠴᠠᠬᠢᠯᠭᠠᠨ ᠬᠡᠢ ᠶᠢᠨ ᠥᠩᠭᠡᠷᠡᠬᠦ ᠱᠤᠭᠤᠮ  ᠬᠤᠭᠤᠯᠠᠶ ᠶᠢᠨ  ᠬᠠᠮᠠᠭᠠᠯᠠᠯᠲᠠ᠂ ᠭᠠᠯ ᠤᠨᠲᠠᠷᠠᠭᠠᠬᠤ ᠤᠰᠤᠨ ᠤ ᠡᠬᠢ ᠰᠤᠷᠪᠤᠯᠵᠢ ᠨᠢ ᠭᠦᠢᠴᠡᠳ ᠡᠰᠡᠬᠦ᠂ ᠭᠠᠯ ᠤᠨᠲᠠᠷᠠᠭᠠᠬᠤ ᠡᠵᠡᠮᠰᠢᠯ ᠤᠨ ᠲᠠᠰᠤᠭ ᠤᠨ ᠵᠢᠵᠢᠭᠦᠷ ᠤᠨ ᠬᠥᠮᠦᠰ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠬᠤ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠷ ᠨᠠᠷᠢᠨ ᠪᠠᠶᠢᠴᠠᠭᠠᠯᠲᠠ ᠬᠢᠵᠦ᠂ ᠡᠯ᠎ᠡ ᠵᠣᠴᠢᠳ ᠤᠨ ᠪᠠᠭᠤᠳᠠᠯ ᠤᠨ ᠵᠣᠴᠢᠳ ᠤᠨ ᠥᠷᠥᠭᠡ ᠳᠤ  ᠤᠲᠤᠭ᠎ᠠ ᠰᠡᠷᠭᠡᠶᠢᠯᠡᠬᠦ ᠨᠢᠭᠤᠷ ᠤᠨ ᠪᠦᠷᠬᠦᠭᠦᠯ ᠪᠠ ᠲᠠᠷᠬᠠᠭᠠᠬᠤ ᠲᠠᠶᠢᠯᠪᠤᠷᠢ ᠵᠢᠷᠤᠭ ᠲᠣᠬᠢᠷᠠᠭᠤᠯᠤᠭᠰᠠᠨ ᠡᠰᠡᠬᠦ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠠᠵᠢᠯᠲᠠᠨ ᠠᠵᠢᠯᠴᠢᠨ ᠤ ︽ᠨᠢᠭᠡ ᠣᠶᠢᠯᠠᠭᠠᠬᠤ ᠭᠤᠷᠪᠠᠨ ᠬᠤᠷᠠᠯ︾ ︽ᠳᠥᠷᠪᠡᠨ ᠴᠢᠳᠠᠪᠤᠷᠢ︾ ᠶᠢᠨ ᠲᠤᠬᠠᠶ ᠣᠶᠢᠯᠠᠭᠠᠯᠲᠠ ᠡᠵᠡᠮᠰᠢᠭᠦᠷ ᠲᠤ ᠲᠤᠬᠠᠶ ᠶᠢᠨ ᠲᠠᠯᠠᠪᠤᠷ ᠤᠨ ᠰᠢᠯᠭᠠᠯᠲᠠ ᠬᠢᠵᠡᠶ᠃    ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠶᠡᠭᠡ ᠠᠩᠭᠢ ᠶᠢᠨ ᠭᠠᠯ ᠤᠨᠲᠠᠷᠠᠭᠠᠬᠤ ᠬᠢᠨᠠᠯᠲᠠ ᠲᠠᠯᠪᠢᠭᠴᠢ ᠠᠴᠠ ᠨᠢᠭᠡᠴᠢ ᠶᠢᠨ ᠬᠠᠷᠢᠭᠤᠴᠠᠯᠭᠠᠲᠠᠨ ᠳᠤ ᠵᠣᠬᠢᠴᠠᠩᠭᠤᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠪᠠᠶᠢᠴᠠᠭᠠᠭᠳᠠᠬᠤ  ᠨᠢᠭᠡᠴᠢ ᠶᠢ ᠴᠡᠭᠴᠡᠯᠡᠨ ᠰᠠᠶᠢᠵᠢᠷᠠᠭᠤᠯᠬᠤ ᠶᠢ ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠰᠢᠮᠳᠠᠭᠤᠯᠤᠨ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠶᠢ ᠨᠢ ᠲᠣᠭᠲᠠᠭᠰᠠᠨ ᠬᠤᠭᠤᠴᠠᠭᠠᠨ ᠳᠣᠲᠣᠷ᠎ᠠ ᠵᠠᠯᠠᠷᠠᠭᠤᠯᠬᠤ ᠬᠡᠷᠡᠭᠲᠡᠶ ᠭᠡᠪᠡ᠃ ᠡᠭᠦᠨ ᠤ ᠬᠠᠮᠲᠤ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ ᠳᠤ᠄ ᠨᠢᠭᠡ ᠳᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠡᠷᠬᠡᠪᠰᠢ ᠨᠠᠶᠢᠳᠠᠪᠤᠷᠢᠵᠢᠭᠤᠯᠵᠤ᠂ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ᠂ ᠲᠣᠭᠤᠷᠢᠨ ᠪᠠᠶᠢᠴᠠᠭᠠᠬᠤ ᠲᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ᠂ ᠡᠵᠡᠩᠨᠡᠯᠲᠡ ᠶᠢᠨ ᠬᠤᠭᠤᠴᠠᠭᠠᠨ ᠳᠤ ᠡᠷᠬᠡᠪᠰᠢ ᠲᠠᠯᠠᠪᠤᠷ ᠤᠨ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠷᠢᠨ ᠪᠦᠲᠦᠨ ᠰᠠᠶᠢᠨ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠪᠠ ᠰᠣᠷᠢᠯᠲᠠ ᠶᠢ ᠥᠷᠨᠢᠭᠦᠯᠵᠦ᠂ ᠡᠷᠬᠡᠪᠰᠢ ᠰᠢᠨ᠎ᠡ ᠠᠵᠢᠯᠲᠠᠨ ᠠᠵᠢᠯᠴᠢᠨ ᠢ ᠤᠷᠢᠳᠠᠪᠠᠷ ᠪᠣᠯᠪᠠᠰᠤᠷᠠᠭᠤᠯᠤᠭᠠᠳ ᠳᠠᠷᠠᠭ᠎ᠠ ᠨᠢ ᠠᠵᠢᠯ ᠤᠨ ᠪᠠᠶᠢᠷᠢ ᠳᠤ ᠭᠠᠷᠭᠠᠵᠤ᠂ ᠠᠵᠢᠯᠲᠠᠨ ᠠᠵᠢᠯᠴᠢᠨ ᠤ ᠭᠠᠯ ᠤᠨ ᠠᠶᠤᠯ ᠤᠨ ᠲᠦᠭᠰᠢᠭᠦᠷᠢ ᠮᠡᠳᠡᠭᠦᠯᠬᠦ᠂ ᠭᠠᠯ ᠤᠨᠲᠠᠷᠠᠭᠠᠨ ᠠᠮᠢ ᠵᠢᠭᠤᠲᠠᠬᠤ ᠵᠡᠷᠭᠡ ᠭᠡᠨᠡᠳᠲᠡ ᠶᠢᠨ ᠠᠳᠡᠯ ᠢ  ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠵᠠᠬᠢᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号