ᠰᠧ ᠳ᠋ᠤᠤ ᠸᠠᠨ ᠽᠢ ᠪᠠᠯᠭᠠᠰᠤ ᠲᠡᠵᠢᠭᠡᠨ ᠦᠷᠡᠵᠢᠭᠦᠯᠬᠦ ᠵᠠᠭᠪᠤᠷ ᠢ ᠰᠢᠯᠢᠳᠡᠭᠵᠢᠭᠦᠯᠵᠦ ᠢᠳᠡᠰᠢᠨ ᠦᠬᠡᠷ ᠤᠨ ᠠᠵᠤ ᠦᠢᠯᠡᠰ ᠢ ᠠᠬᠢᠭᠤᠯᠪᠠ
ᠨᠡᠶᠢᠲᠡᠯᠡᠭᠰᠡᠨ ᠴᠠᠭ᠄
2024/2/22
        ᠣᠶᠢᠷ᠎ᠠ ᠶᠢᠨ ᠵᠢᠯ ᠳᠤ᠂ ᠰᠧ ᠳ᠋ᠤᠤ ᠸᠠᠨ ᠽᠢ ᠪᠠᠯᠭᠠᠰᠤ ᠠᠵᠠ ᠲᠣᠬᠢᠶᠠᠯ ᠢ ᠠᠮᠵᠢᠵᠤ᠂ ᠲᠦᠷᠦ ᠶᠢᠨ ᠪᠤᠳᠤᠯᠭ᠎ᠠ ᠂ ᠪᠡᠯᠡ ᠮᠥᠩᠭᠦ᠂ ᠮᠡᠷᠭᠡᠵᠢᠯ ᠢᠶᠠᠷ ᠬᠦᠳᠦᠯᠦᠨ ᠵᠢᠯᠣᠭᠤᠳᠬᠤ ᠪᠠᠷ ᠳᠠᠮᠵᠢᠭᠤᠯᠵᠤ᠂ ︽ᠪᠠᠭ᠎ᠠ ᠬᠡᠪᠴᠢᠶ᠎ᠡ᠂ ᠶᠡᠭᠡ ᠬᠠᠮᠲᠤᠯᠢᠭ᠂ ᠶᠡᠭᠡ ᠠᠵᠤ ᠦᠢᠯᠡᠰ︾ ᠤᠨ ᠰᠡᠳᠬᠢᠴᠡ ᠪᠠᠷ᠂ ︽ᠬᠤᠷᠰᠢᠶ᠎ᠠ ᠲᠠᠷᠢᠶᠠᠴᠢᠨ ᠡᠷᠦᠬᠡ ᠶᠢᠨ ᠠᠵᠢᠯ ᠮᠡᠷᠭᠡᠵᠢᠯ ᠤᠨ ᠦᠬᠡᠷ ᠲᠡᠵᠢᠭᠡᠭᠴᠢ︾ ᠶᠢᠨ ᠬᠥᠭᠵᠢᠯᠲᠡ ᠶᠢᠨ ᠵᠠᠭᠪᠤᠷ ᠢ ᠬᠡᠷᠡᠭᠯᠡᠵᠦ᠂ ᠢᠳᠡᠰᠢᠨ ᠦᠬᠡᠷ ᠤᠨ ᠠᠵᠤ ᠦᠢᠯᠡᠰ ᠤᠨ ᠠᠯᠬᠤᠮ ᠠᠯᠬᠤᠮ ᠢᠶᠠᠷ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠠᠮᠢ ᠠᠬᠤᠢ ᠶᠢᠨ ᠴᠢᠭᠯᠡᠯ ᠲᠡᠰᠢ ᠬᠥᠭᠵᠢᠬᠦ ᠶᠢ ᠠᠬᠢᠭᠤᠯᠪᠠ᠃ ᠣᠳᠣᠬᠠᠨ ᠳᠤ᠂ ᠪᠥᠬᠦ ᠪᠠᠯᠭᠠᠰᠤᠨ ᠤ ᠢᠳᠡᠰᠢᠨ ᠦᠬᠡᠷ ᠤᠨ ᠲᠤᠭ᠎ᠠ 15000 ᠬᠦᠷᠴᠦ᠂ ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠪᠡ᠃ 2023 ᠣᠨ ᠳᠤ 10000 ᠢᠳᠡᠰᠢᠨ ᠦᠬᠡᠷ ᠢ ᠪᠣᠷᠣᠯᠠᠭᠤᠯᠵᠤ᠂ ᠴᠡᠪᠡᠷ ᠣᠷᠣᠯᠭ᠎ᠠ ᠶᠢ 230 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃    ᠰᠧ ᠳ᠋ᠤᠤ ᠸᠠᠨ ᠽᠢ ᠪᠠᠯᠭᠠᠰᠤ ᠲᠡᠵᠢᠭᠡᠨ ᠦᠷᠡᠵᠢᠭᠦᠯᠬᠦ ᠡᠷᠦᠬᠡ ᠶᠢ ᠨᠢᠭᠡᠳᠦᠯᠲᠡᠶ ᠵᠣᠬᠢᠶᠠᠨ ᠪᠠᠶᠢᠭᠤᠯᠵᠤ ᠭᠢᠷᠢᠨ ᠵᠡᠷᠭᠡ ᠭᠠᠵᠠᠷ  ᠠᠴᠠ ᠴᠢᠨᠠᠷ ᠰᠠᠶᠢᠲᠠᠶ ᠢᠳᠡᠰᠢᠨ ᠦᠬᠡᠷ ᠬᠤᠳᠠᠯᠳᠤᠨ ᠠᠪᠴᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠨᠡᠮᠡᠭᠳᠡᠭᠦᠯᠪᠡ︔ ᠲᠡᠵᠢᠭᠡᠨ ᠦᠷᠡᠵᠢᠭᠦᠯᠬᠦ ᠡᠷᠦᠬᠡ ᠶᠢᠨ ᠡᠷᠦᠬᠡ ᠪᠦᠷᠢ ᠳᠤ ᠳᠣᠣᠷ᠎ᠠ ᠬᠦᠦ ᠲᠠᠢ ᠵᠢᠭᠡᠯᠡᠯᠭᠡ ᠶᠢ ᠵᠣᠬᠢᠴᠠᠭᠤᠯᠵᠤ᠂ ᠪᠡᠯᠡ ᠮᠥᠩᠭᠦ ᠳᠤᠲᠠᠭᠳᠠᠵᠤ ᠪᠠᠶᠢᠭ᠎ᠠ ᠬᠦᠴᠢᠷᠳᠡᠯ ᠢ ᠨᠠᠮᠳᠠᠭᠤᠯᠪᠠ︔ ᠡᠭᠦᠯᠳᠡᠷ ᠢ ᠰᠠᠶᠢᠵᠢᠷᠠᠭᠤᠯᠬᠤ᠂ ᠲᠡᠵᠢᠭᠡᠯ ᠪᠣᠷᠳᠤᠭ᠎ᠠ ᠲᠣᠬᠢᠷᠠᠭᠤᠯᠬᠤ᠂ ᠨᠣᠭᠤᠭᠠᠨ ᠳᠠᠷᠤᠰᠢ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠢᠶᠠᠷ ᠦᠢᠯᠡᠴᠢᠯᠡᠭᠡᠨ ᠤ ᠠᠭᠤᠯᠭ᠎ᠠ ᠪᠣᠯᠭᠠᠵᠤ᠂ ᠦᠨ᠎ᠡ ᠲᠥᠯᠥᠪᠦᠷᠢ ᠦᠭᠡᠢ ᠪᠠᠷ ᠮᠡᠷᠭᠡᠵᠢᠯ ᠤᠨ ᠵᠢᠯᠤᠭᠤᠳᠤᠯᠭ᠎ᠠ ᠬᠢᠪᠡ︔ ᠦᠬᠡᠷ ᠲᠡᠵᠢᠭᠡᠬᠦ ᠲᠠᠷᠢᠶᠠᠴᠢᠨ ᠤ ᠲᠤᠰᠬᠠᠢ ᠬᠤᠷᠰᠢᠶ᠎ᠠ ᠶᠢ ᠵᠣᠬᠢᠶᠠᠨ ᠪᠠᠶᠢᠭᠤᠯᠵᠤ᠂ ᠠᠵᠤ ᠠᠬᠤᠢ ᠶᠢᠨ ᠬᠥᠮᠦᠨ ᠢ ᠬᠥᠭᠵᠢᠭᠦᠯᠦᠨ᠂ ᠪᠣᠷᠣᠯᠠᠭᠤᠯᠭ᠎ᠠ ᠶᠢ ᠠᠬᠢᠭᠤᠯᠬᠤ ᠭᠦᠢᠯᠭᠡᠭᠡᠨ ᠤ ᠲᠣᠣᠷ ᠢ  ᠪᠦᠷᠢᠨᠰᠢᠭᠦᠯᠪᠡ ᠃ 2023 ᠣᠨ ᠳᠤ ᠲᠣᠰ ᠪᠠᠯᠭᠠᠰᠤ ᠢᠳᠡᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠳᠤ ᠲᠦᠰᠢᠭᠯᠡᠨ᠂ 80 ᠲᠡᠵᠢᠭᠡᠨ ᠦᠷᠡᠵᠢᠭᠦᠯᠬᠦ ᠡᠷᠦᠬᠡ ᠶᠢ ᠰᠢᠨ᠎ᠡ ᠪᠠᠷ ᠬᠥᠭᠵᠢᠭᠦᠯᠵᠦ᠂ 500 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ 500 ᠰᠢᠯᠢᠳᠡᠭ ᠡᠭᠦᠯᠳᠡᠷ ᠤᠨ ᠡᠬᠡ ᠮᠠᠯ ᠢ ᠣᠷᠣᠭᠤᠯᠤᠨ ᠠᠪᠴᠢᠷᠠᠵᠤ᠂ 8000 ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠰᠠᠷᠠᠪᠴᠢ ᠶᠢ ᠪᠥᠲᠥᠭᠡᠨ ᠪᠠᠶᠢᠭᠤᠯᠪᠠ᠃ ︽ᠪᠠᠭ᠎ᠠ ᠬᠡᠪᠴᠢᠶ᠎ᠡ᠂ ᠶᠡᠭᠡ ᠬᠠᠮᠲᠤᠯᠢᠭ᠂ ᠶᠡᠭᠡ ᠠᠵᠤ ᠦᠢᠯᠡᠰ︾ ᠨᠢ ᠰᠧ ᠳ᠋ᠤᠤ ᠸᠠᠨ ᠽᠢ ᠪᠠᠯᠭᠠᠰᠤᠨ ᠤ ᠢᠳᠡᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ ᠭᠤᠣᠯ ᠠᠬᠢᠭᠤᠯᠬᠤ ᠵᠠᠭᠪᠤᠷ ᠪᠣᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号