ᠠᠤᠬᠠᠨ ᠬᠤᠰᠢᠭᠤᠨ ᠤ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠥᠷᠭᠡᠳᠬᠡᠭᠰᠡᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/22
    C:\Users\Administrator\Desktop\101.jpg   
    2 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠠᠤᠬᠠᠨ ᠬᠤᠰᠢᠭᠤᠨ ᠤ ᠨᠠᠮ ᠤᠨ ᠬᠤᠷᠢᠶ᠎ᠠ 2024 ᠣᠨ ᠤ ᠴᠠᠭᠠᠨ ᠰᠠᠷ᠎ᠠ ᠶᠢᠨ ᠳᠠᠷᠠᠭᠠᠬᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠥᠷᠭᠡᠳᠬᠡᠭᠰᠡᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠡᠷ ᠲᠡᠭᠡᠨ ᠪᠠᠶᠢᠭ᠎ᠠ ᠬᠤᠰᠢᠭᠤᠨ ᠤ ᠲᠠᠰ ᠤᠨ ᠤᠳᠤᠷᠢᠳᠤᠯᠭ᠎ᠠ᠂ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ 420 ᠭᠠᠷᠤᠶ ᠬᠥᠮᠦᠰ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠶ ᠯᠢᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ ᠰᠤᠷᠤᠯᠴᠠᠯᠭ᠎ᠠ ᠶᠢᠨ ᠬᠤᠷᠠᠯ ᠳᠡᠭᠡᠷ᠎ᠡ ᠳᠥᠷᠪᠡᠨ ᠨᠡᠷᠡᠲᠦ ᠲᠤᠰᠬᠠᠶ ᠮᠡᠷᠭᠡᠵᠢᠯᠲᠡᠨ ᠡᠷᠳᠡᠮᠲᠡᠨ᠂ ᠫᠷᠤᠹᠧᠰᠰᠤᠷ ᠢ ᠤᠷᠢᠵᠤ ᠬᠢᠴᠢᠶᠡᠯ ᠣᠷᠣᠭᠤᠯᠪᠠ᠃    ᠠᠯᠳᠠᠷᠲᠤ ᠣᠯᠠᠨ ᠨᠡᠶᠢᠲᠡ ᠶᠢᠨ ᠬᠠᠷᠢᠴᠠᠭᠠᠨ ᠤ ᠲᠤᠰᠬᠠᠶ ᠮᠡᠷᠭᠡᠵᠢᠯᠲᠡᠨ ᠵᠧᠩ ᠴᠧᠩ ᠦ᠋ ︽ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠣᠯᠠᠨ ᠨᠡᠶᠢᠲᠡ ᠶᠢᠨ ᠬᠠᠷᠢᠴᠠᠭ᠎ᠠ ᠶᠢ  ᠰᠢᠢᠳᠪᠦᠷᠢᠯᠡᠬᠦ︾ ᠪᠠᠷ ᠲᠠᠶᠢᠯᠤᠮᠵᠢ ᠶᠢᠨ ᠰᠡᠳᠦᠪ ᠪᠣᠯᠭᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ  ᠰᠢᠢᠳᠪᠦᠷᠢᠯᠡᠬᠦ ᠣᠯᠠᠨ ᠨᠡᠶᠢᠲᠡ ᠶᠢᠨ ᠬᠠᠷᠢᠴᠠᠭᠠᠨ ᠤ ᠵᠠᠷᠴᠢᠮ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ᠂ ᠵᠠᠭᠤᠴᠢᠯᠠᠭᠤᠷ ᠤᠨ ᠤᠲᠠᠰᠤ ᠪᠠᠷ ᠰᠤᠷᠪᠤᠯᠵᠢᠯᠠᠬᠤ ᠠᠷᠭ᠎ᠠ ᠪᠣᠳᠣᠯᠭ᠎ᠠ᠂ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠴᠢᠬᠤᠯᠠ ᠶᠠᠪᠤᠳᠠᠯ ᠵᠡᠷᠭᠡ ᠲᠠᠯ᠎ᠠ ᠪᠠᠷ ᠣᠨᠣᠯ ᠤᠨ ᠲᠣᠳᠣᠷᠬᠠᠶᠢᠯᠠᠨ ᠥᠭᠦᠯᠡᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠭᠡᠨᠡᠳᠲᠡ ᠶᠢᠨ ᠬᠡᠷᠡᠭ ᠵᠢᠴᠢ ᠵᠠᠭᠤᠴᠢᠯᠠᠭᠤᠷ ᠤᠨ ᠬᠢᠮᠤᠷᠠᠯ ᠤᠨ ᠪᠠᠶᠢᠳᠠᠯ ᠢ ᠨᠢᠭᠡ ᠨᠢᠭᠡ ᠪᠠᠷ ᠳᠡᠯᠭᠡᠨ ᠦᠵᠡᠭᠦᠯᠬᠦ ᠶᠢᠨ ᠬᠠᠮᠲᠤ ᠰᠤᠷᠤᠯᠭᠠᠳᠠᠨ ᠲᠠᠢ ᠬᠥᠳᠡᠯᠦᠯᠴᠡᠬᠦ ᠪᠠᠷ  ᠳᠠᠮᠵᠢᠨ᠂ ᠡᠯ᠎ᠡ ᠵᠦᠢᠯ ᠤᠨ ᠭᠡᠨᠡᠳᠲᠡ ᠶᠢᠨ ᠲᠦᠭᠰᠢᠭᠦᠷᠢ ᠶᠢᠨ ᠪᠠᠶᠢᠳᠠᠯ ᠢ ᠲᠤᠬᠠᠶ ᠶᠢᠨ  ᠲᠠᠯᠠᠪᠤᠷ ᠲᠤ  ᠵᠢᠭᠠᠨ ᠵᠢᠯᠣᠭᠤᠳᠪᠠ᠃    ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠢᠦᠢ ᠸᠠᠨ ᠹᠠ ︽ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ︾ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠰᠢ ᠶᠢᠨ ᠫᠢᠩ  ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠬᠤ᠂ ᠴᠢᠩᠭ᠎ᠠ ᠨᠢᠮᠪᠠᠢ ᠬᠠᠷᠢᠭᠤᠴᠠᠯᠭ᠎ᠠ ᠶᠢᠨ ᠰᠢᠰᠲ᠋ᠧᠮ ᠢ ᠪᠠᠬᠢᠵᠢᠭᠦᠯᠬᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠡᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠰᠢᠰᠲ᠋ᠧᠮ ᠢ ᠨᠢᠭᠲᠠ ᠴᠢᠩᠭ᠎ᠠ ᠪᠠᠶᠢᠭᠤᠯᠤᠨ᠂ ᠠᠶᠤᠯ ᠲᠦᠭᠰᠢᠭᠦᠷᠢ ᠶᠢᠨ ᠳᠠᠯᠳᠠ ᠬᠡᠮ ᠤᠨ ᠡᠬᠢ ᠡᠭᠦᠰᠦᠯ ᠢ ᠰᠠᠶᠢᠲᠤᠷ ᠬᠠᠮᠢᠶᠠᠷᠤᠨ ᠡᠵᠡᠮᠳᠡᠬᠦ ᠵᠡᠷᠭᠡ ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃    ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠤᠬᠠᠭᠠᠨ ᠵᠢᠴᠢ ᠨᠡᠶᠢᠭᠡᠮ ᠤᠨ ᠤᠬᠠᠭᠠᠨ ᠤ ᠳᠡᠭᠡᠳᠦ ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠾᠧ ᠱᠧᠩ ᠬᠠᠶ ᠫᠷᠤᠹᠧᠰᠰᠤᠷ ︽ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠪᠠ ᠦᠢᠯᠡᠳᠦᠯᠭᠡ︾ ᠭᠡᠬᠦ ᠰᠡᠳᠦᠪ ᠢᠶᠠᠷ ᠲᠠᠶᠢᠯᠤᠮᠵᠢ ᠬᠢᠵᠦ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠡᠬᠢ ᠰᠤᠷᠪᠤᠯᠵᠢ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠠᠷᠭ᠎ᠠ ᠵᠠᠮ ᠢ ᠪᠠᠲᠤ ᠴᠣᠭᠴᠠᠯᠠᠬᠤ ᠵᠡᠷᠭᠡ ᠳᠥᠷᠪᠡᠨ ᠲᠠᠯ᠎ᠠ ᠠᠴᠠ ᠨᠠᠷᠢᠨ ᠨᠢᠮᠪᠠᠶ ᠲᠠᠶᠢᠯᠤᠮᠵᠢ ᠬᠢᠪᠠ᠃ ᠥᠷᠭᠡᠨ ᠡᠰᠢᠯᠡᠭᠰᠡᠨ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠭᠰᠡᠨ ᠢᠶᠠᠷ ᠪᠠᠷᠠᠬᠤ ᠥᠬᠡᠶ᠂ ᠨᠠᠩ ᠴᠤ ᠦᠢᠯᠡᠳᠦᠯᠭᠡ ᠶᠢᠨ ᠲᠠᠯ᠎ᠠ ᠶᠢᠨ ᠠᠷᠭᠠᠴᠠᠬᠤ ᠰᠡᠳᠬᠢᠮᠵᠢ ᠲᠠᠢ ᠪᠠᠶᠢᠵᠤ᠂ ᠲᠤᠬᠠᠶ ᠶᠢᠨ ᠲᠠᠯᠠᠪᠤᠷ ᠤᠨ  ᠰᠤᠷᠤᠯᠭᠠᠲᠠᠳ ᠲᠤ ᠭᠦᠨ ᠬᠥᠮᠦᠵᠢᠯ ᠪᠠ ᠰᠡᠩᠬᠡᠷᠡᠭᠦᠯᠦᠯ ᠬᠦᠷᠲᠡᠭᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠠᠨ ᠵᠢᠩ ᠽᠧ  ︽ᠥᠪᠥᠷ ᠮᠣᠩᠭᠤᠯ ᠤᠨ ᠠᠵᠤ ᠠᠬᠤᠶ ᠶᠢ ᠬᠡᠷᠬᠢᠨ ᠦᠵᠡᠬᠦ᠂ ᠶᠠᠭᠠᠬᠢᠵᠤ ᠬᠢᠬᠦ᠂ ᠶᠠᠭᠤ ᠬᠢᠬᠦ︾ ᠬᠡᠬᠦ ᠰᠡᠳᠦᠪ ᠢᠶᠠᠷ ︽ᠳᠥᠷᠪᠡᠨ ᠬᠠᠷᠢᠴᠠᠭ᠎ᠠ︾ ᠶᠢ ᠨᠢᠭᠡᠳᠦᠯᠲᠡᠶ ᠲᠥᠯᠥᠪᠵᠢᠭᠦᠯᠬᠦ᠂ ︽ᠲᠠᠪᠤᠨ ᠪᠥᠬᠦ ᠬᠦᠴᠦᠨ︾ ᠳᠤ ᠠᠩᠬᠠᠷᠤᠯ ᠢᠶᠠᠨ ᠲᠥᠪᠯᠡᠷᠡᠭᠦᠯᠬᠦ ᠠᠴᠠ ᠥᠪᠥᠷ ᠮᠣᠩᠭᠤᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠥᠪᠡᠷᠮᠢᠴᠡ ᠦᠵᠡᠯᠲᠡ ᠪᠠ ᠵᠣᠷᠢᠯᠲᠠ ᠳᠤᠷᠠᠳᠴᠠᠶ᠃ ᠣᠲᠣ ᠦᠶ᠎ᠡ ᠶᠢᠨ ᠪᠠ ᠬᠤᠶᠢᠰᠢᠳᠠ ᠶᠢᠨ ᠠᠵᠤ ᠠᠬᠤᠶ ᠶᠢᠨ ᠪᠠᠶᠢᠳᠠᠯ ᠢ ᠬᠡᠷᠬᠢᠨ ᠣᠨᠣᠪᠴᠢᠲᠠᠶ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠡᠩᠬᠡᠷᠡᠭᠦᠯᠦᠯ ᠪᠠ ᠵᠢᠯᠣᠭᠤᠳᠬᠤ ᠦᠢᠯᠡᠳᠦᠯ  ᠬᠠᠩᠭᠠᠪᠠ᠃    ᠬᠤᠷᠠᠯ ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ  ᠮᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠮᠥᠨᠴᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠭᠡᠭᠡᠵᠦ᠂ ᠶᠡᠭᠡ ᠦᠢᠯᠡᠰ ᠪᠦᠲᠦᠭᠡᠵᠦ ᠪᠣᠯᠬᠤ ᠨᠢᠭᠡ ᠵᠢᠯ ᠪᠣᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠠᠴᠠ 2024 ᠣᠨ ᠤ ᠠᠵᠢᠯ ᠤᠨ ᠰᠡᠳᠬᠢᠮᠵᠢ ᠶᠢ ᠲᠣᠳᠣᠷᠬᠠᠶᠢᠯᠠᠵᠤ᠂ ᠪᠥᠬᠦ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠰᠤᠷᠤᠯᠴᠠᠯᠭ᠎ᠠ ᠳᠤ ᠣᠷᠣᠯᠴᠠᠭᠰᠠᠳ ᠬᠤᠶᠠᠷ ᠡᠳᠦᠷ ᠤᠨ ᠰᠤᠷᠤᠯᠴᠠᠬᠤ ᠠᠭᠤᠯᠭ᠎ᠠ ᠲᠠᠢ ᠤᠶᠠᠯᠳᠤᠭᠤᠯᠤᠨ᠂ ᠦᠵᠡᠯ ᠰᠠᠨᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠡᠷᠴᠢ ᠵᠣᠷᠢᠭ ᠢᠶᠠᠨ ᠬᠥᠪᠴᠢᠯᠡᠨ ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠤᠬᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃     ᠣᠶᠢᠯᠠᠭᠠᠭᠰᠠᠨ ᠢᠶᠠᠷ᠂ ᠠᠤᠬᠠᠨ ᠬᠤᠰᠢᠭᠤᠨ ᠤ ᠴᠠᠭᠠᠨ ᠰᠠᠷ᠎ᠠ ᠶᠢᠨ  ᠳᠠᠷᠠᠭᠠᠬᠢ ᠤᠳᠤᠷᠢᠳᠬᠤ ᠺᠠᠳ᠋ᠷ ᠤᠨ ᠣᠨᠣᠯ ᠤᠨ ᠰᠤᠷᠤᠯᠴᠠᠯᠭ᠎ᠠ ᠶᠢ 1988 ᠣᠨ ᠠᠴᠠ ᠡᠬᠢᠯᠡᠨ ᠭᠤᠴᠢᠨ ᠬᠡᠳᠦᠨ ᠵᠢᠯ ᠪᠠᠷᠢᠮᠲᠠᠯᠠᠵᠠᠢ᠃ ᠴᠠᠭᠠᠨ ᠰᠠᠷ᠎ᠠ ᠶᠢᠨ ᠠᠩᠬᠠᠨ ᠤ ᠬᠢᠴᠢᠶᠡᠯ ᠢᠶᠠᠷ ᠲᠠᠮᠵᠢᠨ᠂ ᠪᠦᠬᠦ ᠬᠤᠰᠢᠭᠤᠨ ᠤ ᠤᠳᠤᠷᠢᠳᠬᠤ ᠺᠠᠳ᠋ᠷ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ᠤᠬᠠᠮᠰᠠᠷ ᠠᠴᠠ ᠪᠠᠨ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠪᠠᠶᠠᠷ ᠪᠠᠶᠠᠰᠬᠤᠯᠠᠩᠳᠦ ᠠᠭᠤᠷ ᠠᠮᠢᠰᠬᠤᠯ ᠠᠴᠠ ᠲᠦᠷᠭᠡᠨ ᠭᠠᠷᠴᠤ  ᠢᠷᠡᠨ᠂ ᠳᠠᠷᠤᠢ ᠲᠦᠷᠭᠡᠨ ᠠᠵᠢᠯ ᠤᠨ ᠪᠠᠶᠢᠷᠢ ᠳᠠᠭᠠᠨ ᠪᠤᠴᠠᠵᠤ᠂ ᠴᠤᠭ ᠰᠦᠯᠳᠡ ᠪᠠᠨ ᠪᠠᠳᠠᠷᠠᠭᠤᠯᠬᠤ ᠶᠢ ᠱᠠᠯᠠᠪᠳᠠᠭᠤᠯᠪᠠ᠃    ᠰᠤᠷᠤᠯᠴᠠᠯᠭ᠎ᠠ ᠳᠤ ᠣᠷᠣᠯᠴᠠᠭᠰᠠᠨ ᠤᠳᠤᠷᠢᠳᠬᠤ ᠺᠠᠳ᠋ᠷᠴᠤᠳ᠂ ᠨᠡᠩ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠰᠢᠨ᠎ᠡ ᠨᠢᠭᠡ ᠵᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠬᠤᠷᠸ᠎ᠠ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠡᠨᠡ ᠵᠢᠯ ᠤᠨ ᠡᠯ᠎ᠡ ᠵᠦᠢᠯ ᠤᠨ ᠠᠵᠢᠯ  ᠢᠶᠠᠨ ᠰᠠᠶᠢᠨ  ᠡᠬᠢᠯᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号