ᠰᠧ ᠳ᠋ᠤᠤ ᠸᠠᠨ ᠽᠢ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/2/26
     ᠡᠨᠡ ᠵᠢᠯ ᠠᠴᠠ ᠨᠠᠰᠢ᠂ ᠰᠧ ᠳ᠋ᠤᠤ ᠸᠠᠨ ᠽᠢ ᠪᠠᠯᠭᠠᠰᠤ ᠶᠢᠨ ᠬᠢᠨ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠢ ᠰᠢᠢᠳᠪᠦᠷᠢᠯᠡᠬᠦ ᠳᠤ ︽ᠬᠦᠴᠢᠷ ᠠᠰᠠᠭᠤᠳᠠᠯ᠂ ᠡᠪᠡᠷᠰᠢᠶᠡᠯ ᠲᠠᠢ ᠭᠠᠵᠠᠷ᠂ ᠲᠦᠭᠵᠢᠷᠡᠯ ᠲᠠᠢ ᠲᠠᠯ᠎ᠠ ︾ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠪᠠᠯᠭᠠᠰᠤ ᠶᠢᠨ ᠬᠡᠪᠴᠢᠶᠡᠨ ᠳᠤ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠯᠵᠢᠶ᠎ᠠ ᠡᠵᠡᠩᠨᠡᠬᠦ  ᠣᠷᠴᠢᠨ  ᠨᠦᠭᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠨᠡᠨᠴᠢ ᠢᠲᠡᠭᠡᠮᠵᠢᠲᠡᠢ ᠰᠢᠶᠠᠩ ᠪᠠᠯᠭᠠᠰᠤ ᠶᠢ  ᠪᠠᠶᠢᠭᠤᠯᠤᠨ᠎ᠠ᠃    ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠢᠴᠢ ᠠᠵᠤ ᠠᠬᠤᠶᠢᠯᠠᠯ᠂ ᠰᠤᠷᠭᠠᠭᠤᠯᠢ ᠳᠤ ᠬᠦᠷᠴᠦ ᠭᠤᠤᠯ ᠰᠡᠳᠦᠪ ᠨᠢ ᠢᠯᠡ ᠲᠣᠳᠣ᠂ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠪᠠᠷ ᠪᠠᠶᠠᠯᠢᠭ ᠦᠨᠡᠨᠴᠢ ᠢᠲᠡᠭᠡᠮᠵᠢ ᠶᠢᠨ ᠮᠡᠳᠡᠯᠭᠡ᠂ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠵᠡᠷᠭᠡ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠪᠠ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠶ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃    ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ︽  ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠤᠨ᠎ᠠ᠃ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠢᠲᠡᠭᠡᠮᠵᠢ + ᠠᠮᠠᠯᠠᠯᠲᠠ + ᠳᠤᠲᠠᠭᠤ ᠶᠢ ᠪᠠᠭᠲᠠᠭᠠᠬᠤ︾ ᠠᠮᠠᠯᠠᠯᠲᠠ ᠶᠢᠨ ᠲᠣᠭᠲᠠᠴᠠ ᠶᠢ ᠬᠡᠷᠡᠭᠵᠢᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠤᠨ᠎ᠠ᠃   ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ  ᠬᠠᠮᠠᠭᠠᠯᠠᠨ᠎ᠠ᠃ ᠡᠷᠬᠡ ᠲᠡᠭᠰᠢ ᠪᠠᠷ ᠥᠷᠢᠰᠥᠯᠳᠦᠬᠦ ᠶᠢ ᠪᠠᠲᠤᠯᠠᠨ᠎ᠠ᠃ ᠰᠧ ᠳ᠋ᠤᠤ ᠸᠠᠨ ᠽᠢ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ᠂ ᠠᠵᠢᠯᠲᠠᠳ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠠᠵᠤ ᠠᠬᠤᠶᠢᠯᠠᠯ ᠳᠤ ᠬᠦᠷᠴᠦ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠪᠠᠶᠢᠴᠠᠭᠠᠯᠲᠠ ᠬᠢᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠶᠢ ᠠᠪᠬᠤ ᠂ ᠪᠠᠯᠭᠠᠰᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠢᠯᠡ ᠪᠣᠯᠭᠠᠨ᠎ᠠ᠃    ᠳᠠᠷᠠᠭᠠᠴᠢ ᠶᠢᠨ ᠠᠯᠬᠤᠮ ᠳᠤ᠂ ᠰᠧ ᠳ᠋ᠤᠤ ᠸᠠᠨ ᠽᠢ ᠪᠠᠯᠭᠠᠰᠤ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠠᠨᠤᠮᠵᠢᠲᠠᠢ ᠪᠠᠶᠢᠬᠤ ᠪᠠᠷ ᠬᠠᠷᠠᠯᠲᠠ ᠪᠣᠯᠭᠠᠵᠤ᠂  ᠠᠷᠠᠯᠵᠢᠶ᠎ᠠ  ᠡᠵᠡᠩᠨᠡᠬᠦ ᠣᠷᠴᠢᠨ ᠨᠦᠭᠦᠴᠡᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠠᠯᠳᠠ ᠴᠢᠳᠠᠪᠤᠷᠢ ᠶᠢ ᠪᠠᠳᠠᠷᠠᠭᠤᠯᠵᠤ᠂ ᠭᠤᠣᠯᠯᠠᠭᠴᠢ ᠦᠷᠢᠰᠦᠯᠳᠦᠬᠦ ᠬᠦᠴᠦᠨ ᠢ ᠲᠦᠷᠭᠡᠨ ᠳᠡᠭᠡᠭᠰᠢᠯᠡᠭᠦᠯᠵᠦ᠂ ᠪᠠᠯᠭᠠᠰᠤᠨ ᠤ ᠠᠵᠤ ᠠᠬᠤᠢ ᠶᠢᠨ ᠲᠦᠷᠭᠡᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号