ᠶᠢᠨ ᠴᠠᠩ ᠭᠧᠤ ᠯᠢᠶᠠᠩ ᠪᠠᠯᠭᠠᠰᠤ᠄ ᠭᠤᠷᠪᠠ ᠶᠢ ᠵᠠᠰᠠᠬᠤ ᠶᠢ ᠠᠭᠤᠰᠤᠯᠴᠠᠭᠤᠯᠤᠨ ᠠᠬᠢᠭᠤᠯᠵᠤ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠢ ᠬᠥᠲᠥᠯᠦᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2024/2/26
    ᠥᠪᠡᠷᠲᠡᠭᠡᠨ ᠵᠠᠰᠠᠬᠤ ᠪᠠᠷ ᠬᠦᠴᠦᠨ ᠢᠶᠠᠨ ᠲᠥᠪᠯᠡᠷᠡᠭᠦᠯᠦᠨ ᠵᠠᠩ ᠳᠠᠳᠬᠠᠯ ᠢ ᠥᠭᠡᠷᠡᠴᠢᠯᠡᠨ᠎ᠡ᠃ ᠵᠥᠪᠳᠡᠯᠴᠡᠬᠦ ᠲᠣᠭᠲᠠᠴᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠣᠰᠬᠤᠨ ᠤ ᠠᠷᠠᠳ ᠤᠨ ᠬᠡᠷᠡᠭ ᠵᠥᠪᠯᠡᠬᠦ᠂ ᠠᠭᠤᠳᠠᠮ ᠲᠠᠯᠠᠪᠠᠢ ᠶᠢᠨ ᠬᠡᠷᠡᠭ ᠵᠥᠪᠯᠡᠬᠦ ᠵᠡᠷᠭᠡ ᠬᠤᠷᠠᠯ ᠢ ᠪᠠᠶᠢᠩᠭᠤᠵᠢᠭᠤᠯᠤᠨ ᠬᠤᠷᠠᠯᠳᠤᠵᠤ᠂ ᠲᠣᠰᠬᠤᠨ ᠤ ᠳᠣᠲᠣᠭᠠᠳᠤ ᠶᠢᠨ ᠠᠰᠠᠭᠤᠳᠠᠯ ᠢ ᠵᠥᠪᠳᠡᠯᠴᠡᠨ ᠰᠢᠢᠳᠪᠦᠷᠢᠯᠡᠬᠦ ᠪᠠ ᠬᠡᠪ ᠵᠠᠩᠰᠢᠯ ᠢ ᠥᠭᠡᠷᠡᠴᠢᠯᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠬᠠᠮᠲᠤ᠂ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠬᠤᠪᠢ ᠬᠤᠷᠠᠮᠳᠤᠭᠤᠯᠵᠤ ᠵᠣᠭᠤᠰ ᠰᠣᠯᠢᠬᠤ ᠪᠠᠷ ᠭᠠᠷᠳᠠᠴᠠ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠭᠤᠯᠭ᠎ᠠ ᠶᠢ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠳᠤ ᠣᠷᠣᠭᠤᠯᠤᠨ᠎ᠠ᠃ ᠲᠣᠰᠬᠤᠨ ᠤ ᠠᠷᠠᠳ ᠬᠤᠷᠠᠮᠳᠤᠯ ᠬᠤᠪᠢ ᠪᠠᠷ ︽ᠬᠤᠷᠠᠮᠳᠤᠯ ᠬᠤᠪᠢ ᠶᠢᠨ ᠬᠡᠲᠦ ᠳᠡᠯᠭᠡᠭᠦᠷ︾ ᠢᠶᠠᠷ ᠱᠠᠩᠨᠠᠯ ᠤᠨ ᠪᠣᠳᠠᠰ ᠰᠣᠯᠢᠵᠤ ᠪᠣᠯᠤᠨ᠎ᠠ᠂ ᠡᠨᠡ ᠨᠢ ᠣᠯᠠᠨ ᠲᠦᠮᠡᠨ ᠤ ᠵᠠᠩ ᠳᠠᠳᠬᠠᠯ ᠢ ᠥᠭᠡᠷᠡᠴᠢᠯᠡᠬᠦ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠣᠰᠬᠤᠨ ᠤ ᠳᠦᠷᠰᠦ ᠪᠠᠶᠢᠳᠠᠯ᠂ ᠬᠦᠷᠢᠶ᠎ᠡ ᠬᠠᠰᠢᠶ᠎ᠠ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠴᠥᠮ ᠢᠯᠡᠳᠲᠡ ᠰᠠᠶᠢᠵᠢᠷᠠᠯᠲᠠ ᠲᠠᠢ ᠪᠣᠯᠤᠭᠰᠠᠨ ᠪᠠᠶᠢᠨ᠎ᠠ᠃    ᠬᠠᠤᠯᠢ ᠪᠠᠷ ᠵᠠᠰᠠᠬᠤ ᠪᠠᠷ ᠵᠠᠩ ᠳᠠᠳᠬᠠᠯ ᠢ ᠥᠭᠡᠷᠡᠴᠢᠯᠡᠨ᠎ᠡ᠃ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠬᠠᠤᠯᠢ ᠴᠠᠭᠠᠵᠠ ᠶᠢᠨ ᠤᠬᠠᠭᠠᠨᠲᠠᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠤᠷᠤᠭ ᠭᠡᠷ ᠪᠦᠯᠢ᠂ ᠲᠣᠰᠬᠤᠨ ᠤ ᠰᠤᠷᠲᠠᠯ ᠠᠷᠠᠳ ᠤᠨ ᠵᠠᠩ ᠳᠠᠳᠬᠠᠯ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠥᠨᠳᠥᠷ ᠦᠨ᠎ᠡ ᠲᠠᠢ ᠪᠡᠯᠡᠭ ᠬᠦᠷᠭᠡᠬᠦ᠂ ᠶᠡᠭᠡ ᠪᠠᠷ ᠨᠠᠶᠢᠷᠠᠯᠠᠵᠤ ᠶᠡᠭᠡ ᠪᠠᠷ ᠡᠷᠬᠢᠯᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠨᠢ ᠲᠠᠶᠠᠭᠳᠠᠭᠤᠯᠤᠨ᠎ᠠ᠃ ᠵᠥᠷᠢᠴᠡᠯ ᠵᠢᠭᠤᠷᠠᠯᠳᠤᠭᠠᠨ ᠡᠭᠦᠰᠬᠦ ᠦᠶ᠎ᠡ ᠳᠤ᠂ ᠠᠵᠢᠯᠲᠠᠳ ᠤᠯᠠᠨ ᠲᠦᠮᠡᠨ ᠤ ᠭᠡᠷ ᠲᠤ ᠣᠴᠢᠵᠤ ᠬᠦᠯᠢᠴᠡᠩᠭᠦᠶ ᠪᠠᠷ ᠢᠳᠬᠠᠨ ᠲᠠᠶᠢᠯᠪᠤᠷᠢᠯᠠᠵᠤ᠂ ᠬᠠᠤᠯᠢ ᠵᠦᠢ ᠶᠢ ᠲᠣᠳᠣᠷᠬᠠᠶᠢᠯᠠᠨ ᠥᠭᠦᠯᠡᠵᠦ᠂ ᠤᠴᠢᠷ ᠶᠣᠰᠣ ᠶᠢ ᠵᠠᠳᠠᠯᠤᠨ ᠰᠢᠨᠵᠢᠯᠡᠵᠦ᠂ ᠶᠣᠰᠣ ᠤᠴᠢᠷ ᠢ ᠲᠣᠳᠣᠷᠬᠠᠶᠢᠯᠠᠨ ᠶᠠᠷᠢᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠠᠷᠢᠯᠭᠠᠵᠤ᠂ ᠬᠠᠤᠯᠢ ᠪᠠᠷ ᠵᠠᠰᠠᠬᠤ ᠬᠦᠴᠦᠨ ᠢᠶᠠᠷ ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠢ  ᠬᠠᠮᠠᠭᠠᠯᠠᠨ᠎ᠠ᠃    ᠶᠣᠰᠣ ᠰᠤᠷᠲᠠᠬᠤᠨ ᠢᠶᠠᠷ ᠵᠠᠰᠠᠵᠤ ᠵᠠᠩ ᠳᠠᠳᠬᠠᠯ ᠢ ᠥᠭᠡᠷᠡᠴᠢᠯᠡᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠲᠦᠰᠢᠭᠯᠡᠨ᠂ ᠨᠠᠮ ᠤᠨ ᠭᠡᠰᠢᠭᠦᠨ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠢᠭᠦᠨ ᠤ ᠨᠡᠶᠢᠲᠡᠯᠢᠭ  ᠵᠢᠱᠢᠶ᠎ᠡ ᠶᠢ ᠪᠤᠢ ᠪᠣᠯᠭᠠᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃ ᠬᠠᠮᠤᠭ ᠤᠨ ᠭᠤᠶᠣ ᠬᠦᠷᠢᠶ᠎ᠡ ᠬᠠᠰᠢᠶ᠎ᠠ᠂ ᠬᠠᠮᠤᠭ ᠤᠨ ᠭᠤᠶᠣ ᠬᠦᠤ ᠪᠡᠷᠢ᠂ ᠬᠠᠮᠤᠭ ᠤᠨ ᠭᠤᠶᠣ ᠬᠠᠳᠠᠮ ᠡᠵᠢ ᠵᠡᠷᠭᠡ ᠶᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠵᠣᠷᠢᠭᠵᠢᠭᠤᠯᠵᠤ᠂ ᠠᠳᠠᠯᠢᠳᠬᠠᠬᠤ ᠰᠤᠷᠬᠤ ᠬᠥᠭᠡᠭᠡᠵᠦ  ᠭᠦᠢᠴᠡᠬᠦ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠯᠥ ᠮᠡᠳᠡᠭᠳᠡᠮ᠎ᠡ ᠬᠤᠪᠢᠷᠠᠭᠤᠯᠬᠤ ᠳᠤᠮᠳᠠ ᠣᠯᠠᠨ ᠲᠦᠮᠡᠨ ᠤ ᠰᠠᠶᠢᠨ ᠰᠠᠶᠢᠬᠠᠨ ᠵᠠᠩ ᠳᠠᠳᠬᠠᠯ ᠲᠠᠢ ᠪᠣᠯᠬᠤ ᠶᠢ ᠳᠥᠯᠭᠢᠨ  ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠲᠣᠰᠬᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰᠬᠤᠨ ᠤ ᠠᠷᠠᠳ ᠥᠪᠡᠷ ᠢᠶᠠᠨ ︽ᠳᠤᠷᠠᠳᠬᠤ︾᠂ ᠤᠯᠠᠨ ᠲᠦᠮᠡᠨ ᠬᠠᠮᠲᠤᠪᠠᠷ ︽ᠵᠥᠪᠯᠡᠬᠦ ︾ ᠬᠡᠯᠪᠡᠷᠢ ᠪᠠᠷ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠡᠷᠡᠭᠦᠯ ᠴᠢᠭᠢᠷᠠᠭ᠂ ᠪᠣᠯᠪᠠᠰᠤᠨ᠂ ᠰᠢᠨᠵᠢᠯᠡᠬᠦ ᠤᠬᠠᠭᠠᠨᠴᠢ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号