ᠮᠠ ᠯᠢ ᠬᠤᠸᠠ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠶᠢ ᠵᠠᠳᠠᠯᠤᠨ ᠰᠤᠳᠤᠯᠵᠤ ᠮᠠᠭᠠᠳᠯᠠᠬᠤ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠠᠬᠢᠭᠤᠯᠬᠤ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2024/2/26
    C:\Users\Administrator\Desktop\1.jpg   
    2 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠢ ᠵᠠᠳᠠᠯᠤᠨ ᠰᠤᠳᠤᠯᠵᠤ ᠮᠠᠭᠠᠳᠯᠠᠬᠤ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠵᠤ᠂ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠠᠬᠢᠴᠠ ᠵᠢᠴᠢ ᠭᠠᠷᠳᠠᠮ ᠢ  ᠭᠦᠢᠴᠡᠳᠭᠡᠭᠰᠡᠨ ᠪᠠᠶᠢᠳᠠᠯ ᠢ ᠬᠠᠷᠢᠭᠤ ᠮᠡᠳᠡᠭᠦᠯᠪᠡ᠃    ᠮᠠ ᠯᠢ ᠬᠤᠸᠠ ᠠᠴᠠ᠂ ᠡᠯ᠎ᠡ ᠬᠠᠮᠢᠶ᠎ᠠ ᠪᠦᠬᠦᠢ  ᠨᠢᠭᠡᠴᠢ ᠪᠣᠯᠣᠨ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠣᠳᠣᠬᠠᠨ ᠤ ᠪᠠᠶᠢᠳᠠᠯ ᠢ ᠴᠢᠩᠭ᠎ᠠ ᠠᠳᠬᠤᠵᠤ᠂ ᠣᠳᠣᠬᠠᠨ ᠤ ᠠᠵᠢᠯ ᠢᠶᠠᠨ ᠰᠠᠶᠢᠲᠤᠷ ᠠᠳᠬᠤᠬᠤ︾ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠭᠲᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠯ᠎ᠡ ᠵᠦᠢᠯ ᠤᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠢᠩᠭ᠎ᠠ ᠡᠵᠡᠮᠳᠡᠵᠦ᠂ ᠪᠣᠳᠠᠲᠠᠢ ᠠᠴᠠ ᠡᠭᠦᠰᠦᠨ ᠬᠥᠭᠵᠢᠯᠲᠡ ᠶᠢᠨ ᠠᠶᠢᠵᠠᠮ ᠢ ᠰᠠᠶᠢᠲᠤᠷ ᠡᠵᠡᠮᠳᠡᠵᠦ᠂ ᠳᠠᠪᠠᠭᠤᠯᠢᠭ ᠭᠦᠢᠴᠡᠳᠬᠡᠯ ᠲᠤᠭ᠎ᠠ ᠶᠢ ᠪᠠᠬᠢᠵᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠮᠠ ᠯᠢ ᠬᠤᠸᠠ ᠠᠴᠠ᠂ ᠣᠳᠣᠬᠠᠨ ᠳᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠶᠠᠭ ᠳᠥᠯᠭᠢᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠯ᠎ᠡ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠪᠴᠢᠯᠡᠨ ᠠᠬᠢᠭᠤᠯᠵᠤ ᠪᠣᠯᠬᠤ ᠡᠰᠡᠬᠦ ᠶᠢ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠵᠠᠩᠭᠢᠯᠠᠭ᠎ᠠ ᠨᠢ ᠤᠳᠤᠷᠢᠳᠬᠤ ᠺᠠᠳ᠋ᠷ ᠲᠤ ᠪᠤᠢ᠂ ᠭᠤᠣᠯᠳᠠᠯᠭ᠎ᠠ ᠨᠢ ᠰᠤᠷᠲᠠᠯ ᠳᠤ ᠪᠤᠢ᠂ ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠴᠢᠬᠤᠯᠠ ᠲᠦᠷᠦᠯ ᠵᠦᠢᠯ ᠤᠨ ᠰᠠᠯᠠᠭ᠎ᠠ ᠮᠥᠴᠢᠷ ᠪᠣᠯᠤᠨ ᠭᠤᠣᠯ ᠪᠣᠯᠬᠤ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠣᠯᠤᠨ ᠪᠣᠳᠠᠲᠠᠢ ᠠᠵᠢᠯᠯᠠᠬᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠭᠤᠣᠯ ᠤᠳᠤᠷᠢᠳᠤᠯᠭ᠎ᠠ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠪᠦᠬᠦ ᠬᠦᠴᠦᠨ ᠢᠶᠠᠷ ᠢᠶᠠᠨ ᠰᠤᠷᠲᠠᠯ ᠢᠶᠠᠨ ᠬᠤᠪᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
C:\Users\Administrator\Desktop\2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号