ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠡᠯ᠎ᠡ ᠲᠤᠰᠬᠠᠶ ᠮᠡᠷᠭᠡᠵᠢᠯ ᠤᠨ 2023 ᠣᠨ ᠤ ᠮᠡᠳᠡᠭᠦᠯᠦᠯᠲᠡ ᠪᠠ 2024 ᠣᠨ ᠤ ᠲᠣᠭᠲᠠᠭᠰᠠᠨ ᠮᠡᠳᠡᠭᠦᠯᠦᠯᠲᠡ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2024/2/27
     2 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠰᠢᠭᠤᠨ ᠤ ᠡᠯ᠎ᠡ ᠲᠤᠰᠬᠠᠶ ᠮᠡᠷᠭᠡᠵᠢᠯ ᠤᠨ 2023 ᠣᠨ ᠤ ᠮᠡᠳᠡᠭᠦᠯᠦᠯᠲᠡ ᠪᠠ 2024 ᠣᠨ ᠤ ᠲᠣᠭᠲᠠᠭᠰᠠᠨ ᠮᠡᠳᠡᠭᠦᠯᠦᠯᠲᠡ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠢᠪᠠ᠃ ᠬᠤᠰᠢᠭᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ ᠤᠨ ᠬᠠᠷᠢᠭᠤᠴᠠᠯᠭᠠᠲᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠪᠥᠬᠦ ᠬᠤᠰᠢᠭᠤᠨ ᠤ ᠳᠠᠯᠠᠨ ᠬᠡᠳᠦᠨ ᠠᠵᠤ ᠠᠬᠤᠶᠢᠯᠠᠯ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ ᠬᠢᠵᠦ ᠂ ᠡᠯ᠎ᠡ ᠬᠠᠮᠢᠶ᠎ᠠ ᠪᠥᠬᠦᠶ ᠨᠢᠭᠡᠴᠢ ᠶᠢᠨ ᠬᠢᠨ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠲᠦᠷᠢᠮ ᠢ ᠴᠢᠩᠭ᠎ᠠ ᠵᠢᠷᠤᠮᠯᠠᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠵᠥᠪ ᠣᠨᠣᠪᠴᠢᠲᠠᠶ ᠪᠠᠶᠢᠬᠤ  ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠭᠤᠤᠯᠳᠠᠭᠤ ᠪᠥᠬᠦ ᠬᠤᠰᠢᠭᠤᠨ ᠤ ᠠᠵᠤ  ᠦᠢᠯᠡᠳᠪᠦᠷᠢ᠂ ᠡᠨᠧᠷᠭᠢ᠂ ᠬᠥᠳᠡᠯᠮᠦᠷᠢ ᠴᠠᠯᠢᠩ᠂ ᠠᠷᠠᠯᠵᠢᠶ᠎ᠠ᠂  ᠦᠢᠯᠡᠴᠢᠯᠡᠭᠡᠨ ᠤ ᠦᠢᠯᠡᠰ ᠵᠡᠷᠭᠡ ᠡᠯ᠎ᠡ ᠲᠤᠰᠬᠠᠶ ᠮᠡᠷᠭᠡᠵᠢᠯ ᠤᠨ 2023 ᠣᠨ ᠤ ᠮᠡᠳᠡᠭᠦᠯᠦᠯᠲᠡ ᠪᠠ 2024 ᠣᠨ ᠤ ᠲᠣᠭᠲᠠᠭᠰᠠᠨ ᠮᠡᠳᠡᠭᠦᠯᠦᠯᠲᠡ ᠶᠢᠨ ᠠᠵᠢᠯ ᠳᠤ ᠴᠢᠭᠯᠡᠭᠦᠯᠦᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ︽  ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠲᠠᠭᠯᠠᠬᠤ ᠠᠵᠢᠯ᠂ ᠡᠩ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠲᠦᠷᠢᠮ᠂ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠬᠡᠷᠡᠭᠯᠡᠯᠲᠡ᠂ ᠭᠦᠢᠴᠡᠳᠬᠡᠯ ᠲᠤᠭ᠎ᠠ ᠶᠢᠨ ᠲᠠᠶᠢᠯᠪᠤᠷᠢᠯᠠᠯᠲᠠ᠂ ᠲᠠᠭᠯᠠᠨ ᠮᠡᠳᠡᠭᠦᠯᠬᠦ ᠬᠦᠴᠢᠷ ᠲᠦᠪᠡᠭᠲᠡᠶ ᠠᠰᠠᠭᠤᠳᠠᠯ ᠵᠢᠴᠢ ᠠᠩᠬᠠᠷᠬᠤ  ᠵᠦᠢᠯᠡᠰ ᠵᠡᠷᠭᠡ ᠲᠠᠯ᠎ᠠ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠵᠡᠶ᠃    ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ ᠳᠡᠮᠵᠢᠨ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠳ ᠵᠢᠯ ᠤᠨ ᠮᠡᠳᠡᠭᠦᠯᠦᠯᠲᠡ ᠶᠢ ᠴᠢᠬᠤᠯᠠᠴᠢᠯᠠᠬᠤ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠠᠤᠯᠢ ᠲᠣᠭᠲᠠᠭᠠᠯ ᠶᠣᠰᠣᠭᠠᠷ ᠲᠤᠭ᠎ᠠ ᠪᠦᠷᠢᠳᠬᠡᠯ ᠤᠨ ᠠᠵᠢᠯ ᠤᠨ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠵᠦ᠂ ᠡᠯ᠎ᠡ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ 2024 ᠣᠨ ᠳᠤ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号