ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠭᠤᠷᠪᠠᠨ ᠲᠠᠩᠰᠠ︾ ᠪᠠᠷ ᠵᠢᠯ ᠤᠨ ᠠᠵᠢᠯ  ᠢᠶᠠᠨ ᠡᠬᠢᠯᠡᠭᠦᠯᠬᠦ  ᠶᠢ  ᠲᠦᠯᠦᠪᠵᠢᠭᠦᠯᠦᠨ᠎ᠡ
ᠨᠡᠶᠢᠲᠡᠯᠡᠭᠰᠡᠨ ᠴᠠᠭ᠄
2024/2/27
     ᠰᠢᠨ᠎ᠡ ᠬᠡᠪ ᠪᠠᠶᠢᠳᠠᠯ ᠳᠤ ᠵᠣᠬᠢᠴᠠᠵᠤ᠂ ᠰᠢᠨ᠎ᠡ ᠬᠥᠭᠵᠢᠯᠲᠡ ᠶᠢ ᠡᠷᠢᠯᠬᠢᠯᠡᠵᠦ᠂ ᠡᠳ᠋ ᠤᠨ ᠵᠠᠰᠠᠭ ᠤᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠣᠳᠣᠬᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠰᠠᠭᠤᠷᠢᠯᠠᠨ᠂ ︽ᠭᠤᠷᠪᠠᠨ ᠲᠠᠩᠰᠠ︾ ᠶᠢ ᠭᠤᠤᠯᠳᠠᠯᠭ᠎ᠠ ᠲᠠᠢ ᠰᠠᠶᠢᠲᠤᠷ ᠪᠤᠳᠤᠵᠤ᠂ 2024 ᠣᠨ ᠤ ᠡᠳ᠋ ᠤᠨ ᠵᠠᠰᠠᠭ ᠤᠨ ᠠᠵᠢᠯ ᠢᠶᠠᠨ ᠡᠬᠢᠯᠡᠭᠦᠯᠬᠦ  ᠶᠢ ᠲᠥᠯᠥᠪᠵᠢᠭᠦᠯᠪᠡ᠃    ︽ᠬᠥᠭᠵᠢᠯᠲᠡ ᠶᠢᠨ ᠳᠠᠩᠰᠠ︾ ᠶᠢ ᠰᠠᠶᠢᠲᠤᠷ ᠪᠣᠳᠣᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠰᠠᠭᠤᠷᠢ ᠶᠢ ᠪᠠᠬᠢᠵᠢᠭᠦᠯᠦᠨ᠎ᠡ᠃ ᠨᠢᠭᠡ ᠳᠤ᠂ ᠣᠷᠣᠯᠭ᠎ᠠ ᠶᠢ ᠵᠠᠳᠠᠯᠤᠨ ᠲᠥᠰᠦᠭᠡᠯᠡᠬᠦ ᠶᠢ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠣᠷᠣᠯᠭ᠎ᠠ ᠪᠣᠯᠤᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠠᠶᠢᠯᠢ ᠶᠢᠨ ᠶᠠᠪᠤᠳᠠᠯ ᠪᠣᠯᠤᠨ ᠭᠠᠶᠢᠯᠢ ᠶᠢᠨ ᠪᠤᠰᠤ ᠭᠦᠢᠴᠡᠳᠬᠡᠬᠦ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠬᠢᠨᠠᠨ ᠡᠵᠡᠮᠳᠡᠬᠦ ᠡᠷᠴᠢᠮ ᠢᠶᠠᠨ ᠨᠡᠮᠡᠭᠳᠡᠭᠦᠯᠵᠦ᠂ ᠭᠠᠶᠢᠯᠢ ᠶᠢᠨ ᠢᠷᠡᠯᠲᠡ ᠶᠢ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠭᠠᠵᠤ᠂ ᠲᠠᠲᠠᠪᠤᠷᠢᠯᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠭᠠᠶᠢᠯᠢ ᠶᠢᠨ ᠪᠤᠰᠤ ᠡᠯ᠎ᠡ ᠵᠦᠢᠯ ᠤᠨ ᠣᠷᠣᠯᠭ᠎ᠠ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠬᠥᠮᠥᠷᠭᠡ ᠳᠤ ᠲᠤᠰᠢᠶᠠᠬᠤ ᠶᠢ ᠦᠨᠡᠨᠬᠦ ᠪᠠᠲᠤᠯᠠᠨ᠎ᠠ᠃ 2024 ᠣᠨ ᠳᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 5590 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 4151 ᠲᠦᠮᠡᠨ ᠲᠥᠭᠦᠷᠢᠭ  ᠨᠡᠮᠡᠭᠳᠡᠭᠦᠯᠵᠦ᠂ 8.1% ᠪᠠᠷ  ᠨᠡᠮᠡᠭᠳᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠬᠢᠭᠡᠳ ᠠᠵᠤ ᠠᠬᠤᠶ ᠶᠢᠨ ᠬᠥᠭᠵᠢᠯᠲᠡ ᠶᠢᠨ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠦᠨ᠎ᠡ᠃ ᠬᠤᠶᠠᠷ ᠲᠤ᠂ ᠯᠦᠩ ᠰᠢᠩ ᠤᠯᠤᠰ ᠤᠨ ᠬᠥᠷᠥᠩᠭᠡ ᠶᠢᠨ ᠪᠦᠯᠦᠭᠯᠡᠯ ᠤᠨ ᠬᠥᠭᠵᠢᠯᠲᠡ ᠶᠢ ᠦᠷᠭᠦᠯᠵᠢᠯᠡᠨ ᠳᠡᠮᠵᠢᠵᠦ᠂ ᠪᠥᠬᠦ ᠬᠤᠰᠢᠭᠤᠨ ᠤ ᠭᠤᠤᠯ ᠤᠨ ᠵᠠᠮ ᠤᠨ ᠭᠠᠵᠠᠷ ᠰᠢᠷᠣᠶ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠵᠦ ᠵᠠᠰᠠᠬᠤ ᠶᠢ ᠳᠥᠯᠭᠢᠨ ᠠᠬᠢᠭᠤᠯᠵᠤ᠂ ᠪᠤᠰᠤᠳ 24000 ᠮᠦ ᠡᠪᠡᠰᠦᠲᠦ ᠭᠠᠵᠠᠷ ᠢ ᠲᠠᠷᠢᠶᠠᠨ ᠭᠠᠵᠠᠷ ᠪᠣᠯᠭᠠᠨ ᠬᠤᠪᠢᠷᠠᠭᠤᠯᠤᠨ᠂ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠬᠤ ᠳᠤ 3000 ᠭᠠᠷᠤᠶ ᠮᠥ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠢ ᠰᠢᠯᠵᠢᠭᠦᠯᠦᠨ ᠥᠭᠬᠦ ᠨᠦᠬᠦᠪᠦᠷᠢ ᠶᠢᠨ ᠲᠡᠩᠴᠡᠭᠦᠷᠢᠲᠡᠶ ᠪᠠᠶᠢᠯᠭᠠᠬᠤ ᠭᠦᠢᠴᠡᠳᠬᠡᠯ ᠲᠤᠭ᠎ᠠ ᠪᠠ ᠰᠢᠨ᠎ᠡ ᠪᠠᠷ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠪᠦᠷᠢ ᠭᠦᠢᠴᠡᠳᠬᠡᠯ ᠲᠤᠭ᠎ᠠ ᠶᠢ ᠫᠠᠶᠢᠰᠠ ᠡᠯᠭᠦᠨ ᠰᠢᠯᠵᠢᠭᠦᠯᠦᠨ ᠥᠭᠬᠦ ᠪᠠᠷ ᠳᠠᠮᠵᠢᠭᠤᠯᠤᠨ᠂ 10000 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠭᠤᠷᠪᠠ ᠳᠤ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ  ᠴᠢᠷᠮᠠᠶᠢᠨ ᠣᠯᠵᠤ᠂ ᠠᠷᠠᠳ ᠤᠨ ᠠᠮᠢᠳᠤᠷᠠᠯ ᠵᠡᠷᠭᠡ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠳᠡᠭᠡᠳᠦ ᠱᠠᠲᠤᠨ ᠤ ᠰᠠᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠠᠩᠬᠠᠷᠴᠤ᠂ ᠳᠡᠭᠡᠳᠦ ᠱᠠᠲᠤᠨ ᠠᠴᠠ ᠲᠡᠩᠴᠡᠭᠦᠷᠢ ᠶᠢᠨ ᠴᠢᠨᠠᠷᠲᠠᠢ ᠰᠢᠯᠵᠢᠭᠦᠯᠦᠨ ᠥᠭᠬᠦ᠂ ᠰᠢᠶᠠᠨ ᠤ ᠱᠠᠲᠤᠨ ᠤ ᠦᠨᠳᠦᠰᠦᠨ ᠡᠳ᠋ ᠤᠨ ᠬᠦᠴᠦᠨ ᠤ ᠪᠠᠲᠤᠯᠠᠭ᠎ᠠ ᠶᠢᠨ ᠲᠣᠭᠲᠠᠴᠠ ᠶᠢᠨ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠵᠡᠷᠭᠡ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠵᠦ᠂ ᠭᠤᠷᠪᠠ ᠶᠢ ᠪᠠᠲᠤᠯᠠᠬᠤ ᠬᠤᠷᠢᠭ᠎ᠠ ᠱᠤᠭᠤᠮ ᠢ ᠪᠠᠲᠤ  ᠰᠠᠬᠢᠨ᠎ᠠ᠃ ᠳᠥᠷᠪᠡ ᠳᠤ᠂ ᠲᠥᠷᠥᠯ ᠵᠦᠢᠯ ᠤᠨ ᠬᠥᠮᠥᠷᠭᠡ ᠶᠢᠨ ᠨᠥᠭᠡᠴᠡ ᠶᠢ ᠲᠡᠭᠦᠯᠳᠡᠷᠵᠢᠭᠦᠯᠵᠦ᠂  ᠠᠣᠬᠠᠨ ᠬᠤᠰᠢᠭᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠃ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠰᠡᠳᠬᠢᠮᠵᠢ ᠶᠢ ᠥᠷᠭᠡᠳᠬᠡᠵᠦ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠣᠷᠣᠭᠤᠯᠤᠯᠲᠠ ᠶᠢᠨ ᠬᠦᠷᠢᠶᠡᠨ ᠳᠤ ᠨᠡᠶᠢᠴᠡᠬᠦ ᠲᠥᠷᠥᠯ ᠵᠦᠢᠯ ᠢ ᠦᠷᠭᠦᠯᠵᠢᠯᠡᠨ ᠰᠦᠪᠡᠭᠴᠢᠯᠡᠵᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 150.000 ᠲᠦᠮᠡᠨ ᠲᠥᠭᠦᠷᠢᠭ᠂ ᠡᠩ ᠤᠨ ᠵᠢᠭᠡᠯᠡᠯᠭᠡ ᠶᠢᠨ ᠲᠡᠮᠳᠡᠭᠲᠦ ᠶᠢ ᠨᠥᠭᠡᠴᠡᠯᠡᠬᠦ ᠲᠥᠷᠥᠯ  ᠵᠦᠢᠯ ᠤᠨ ᠶᠡᠷᠦᠩᠬᠡᠶ ᠵᠣᠭᠤᠰ ᠤᠨ ᠲᠤᠭ᠎ᠠ ᠶᠢ 20.000 ᠲᠦᠮᠡᠨ ᠲᠥᠭᠦᠷᠢᠭ ᠠᠴᠠ ᠳᠣᠤᠷ᠎ᠠ ᠥᠬᠡᠶ ᠪᠣᠯᠭᠠᠬᠤ ᠪᠠᠷ ᠲᠥᠯᠥᠪᠯᠡᠵᠦ ᠪᠣᠶ᠃    ︽  ᠲᠡᠩᠴᠡᠭᠦᠷᠢᠲᠦ ᠳᠠᠩᠰᠠ︾ ᠶᠢ ᠰᠠᠢᠲᠤᠷ ᠪᠣᠳᠣᠵᠤ᠂ ᠣᠷᠣᠯᠭ᠎ᠠ ᠵᠠᠷᠤᠯᠭ᠎ᠠ  ᠶᠢᠨ ᠲᠡᠩᠴᠡᠭᠦᠷᠢ ᠶᠢᠨ ᠳᠠᠷᠤᠯᠲᠠ ᠶᠢ ᠴᠢᠯᠦᠭᠡᠲᠡᠢ ᠪᠣᠯᠭᠠᠨ᠎ᠠ᠃ ᠨᠢᠭᠡ ᠳᠤ ᠂ ᠵᠠᠰᠠᠭ ᠤᠨ ᠣᠷᠳᠣᠨ ᠠᠷᠪᠢᠯᠠᠨ ᠭᠠᠮᠨᠠᠬᠤ ᠵᠠᠷᠴᠢᠮ ᠢ ᠪᠠᠷᠢᠮᠲᠠᠯᠠᠨ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠬᠢᠵᠠᠭᠠᠷᠲᠠᠶ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ  ᠬᠡᠷᠡᠭᠯᠡᠨ᠎ᠡ᠃ ᠠᠵᠢᠯᠲᠠᠨ ᠤ ᠲᠤᠭ᠎ᠠ ᠨᠣᠷᠮ᠎ᠠ ᠲᠣᠭᠲᠠᠭᠠᠨ ᠠᠯᠪᠠᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠰᠢᠨ᠎ᠡ ᠪᠠᠷ ᠲᠣᠭᠲᠠᠭᠠᠬᠤ᠂ ᠪᠠᠷᠢᠮᠵᠢᠶ᠎ᠠ ᠶᠣᠰᠣᠭᠠᠷ ᠵᠠᠪᠠᠯ ᠵᠠᠷᠤᠬᠤ ᠪᠠᠯᠠ ᠮᠥᠩᠭᠦ ᠶᠢ ᠬᠢᠨᠠᠨ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠩ ᠤᠨ ᠴᠢᠨᠠᠷᠲᠠᠶ ᠵᠠᠷᠤᠯᠭ᠎ᠠ ᠪᠠ ︽ᠴᠢᠬᠤᠯᠠ ᠪᠤᠰᠤ᠂ ᠪᠠᠴᠢᠮ ᠪᠤᠰᠤ ᠬᠡᠷᠡᠭᠴᠡᠭᠡ᠂ ᠬᠠᠲᠠᠭᠤ ᠪᠤᠰᠤ ᠴᠢᠨᠠᠷᠲᠠᠶ︾ ᠵᠠᠷᠤᠯᠭ᠎ᠠ ᠶᠢ 761 ᠲᠦᠮᠡᠨ ᠲᠥᠭᠦᠷᠢᠭ ᠪᠠᠭᠠᠰᠬᠠᠵᠤ᠂ ᠰᠤᠯᠠᠯᠠᠵᠤ ᠭᠠᠷᠭᠠᠭᠰᠠᠨ ᠡᠳ᠋ ᠤᠨ ᠬᠦᠴᠦᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠠᠷᠢᠯᠭᠠᠬᠤ ᠳᠤ ᠬᠡᠷᠡᠭᠯᠡᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ  ᠳᠡᠭᠡᠭᠰᠢᠯᠡᠭᠦᠯᠦᠨ᠎ᠡ᠃ ᠬᠤᠶᠠᠷ ᠲᠤ᠂ ᠲᠥᠰᠦᠪ ᠤᠨ ᠨᠢᠭᠡᠴᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ ᠂ ᠬᠡᠷᠡᠭᠵᠢᠭᠦᠯᠬᠦ ᠠᠬᠢᠴᠠ ᠨᠢ ᠤᠳᠠᠭᠠᠨ᠂ ᠪᠡᠯᠡ ᠮᠥᠩᠭᠦ ᠶᠢᠨ ᠬᠡᠷᠡᠭᠯᠡᠯᠲᠡ ᠨᠢ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠭ᠎ᠠ ᠲᠥᠷᠥᠯ  ᠵᠦᠢᠯ ᠢ  ᠱᠠᠯᠠᠪᠲᠠᠭᠤᠯᠤᠨ ᠴᠡᠭᠴᠡᠯᠡᠨ ᠰᠠᠶᠢᠵᠢᠷᠠᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠ ᠠᠴᠠ ᠵᠠᠶᠢᠳᠠᠬᠤ᠂ ᠪᠠᠯᠠ ᠮᠥᠩᠭᠦ ᠶᠢᠨ ᠬᠡᠷᠡᠭᠯᠡᠯᠲᠡ ᠦᠷ᠎ᠡ ᠪᠦᠲᠦᠮᠵᠢ ᠪᠠᠷ ᠳᠣᠤᠷ᠎ᠠ ᠵᠡᠷᠭᠡ ᠠᠰᠠᠭᠤᠳᠠᠯ ᠣᠷᠣᠰᠢᠵᠤ ᠪᠠᠶᠢᠭ᠎ᠠ ᠲᠥᠷᠥᠯ  ᠵᠦᠢᠯ  ᠢ ᠴᠠᠭ ᠲᠤᠬᠠᠶ ᠳᠤᠨᠢ ᠲᠣᠬᠢᠷᠠᠭᠤᠯᠵᠤ᠂ ᠪᠠᠯᠠ ᠮᠥᠩᠭᠦ ᠶᠢ ᠬᠤᠷᠢᠶᠠᠨ ᠠᠪᠬᠤ ᠪᠠ ᠠᠮᠢᠳᠤᠯᠢᠭ ᠪᠣᠯᠭᠠᠵᠤ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠤᠶᠢᠰᠢᠳᠠ ᠶᠢᠨ ᠣᠨ ᠤ ᠲᠥᠰᠦᠪ ᠤᠨ ᠲᠣᠬᠢᠷᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ  ᠠᠬᠢᠭᠤᠯᠤᠨ᠎ᠠ᠃    ︽ᠠᠷᠠᠳ ᠤᠨ ᠠᠮᠢᠳᠤᠷᠠᠯ ᠤᠨ ᠳᠠᠩᠰᠠ︾ ᠶᠢ ᠰᠠᠢᠲᠤᠷ ᠪᠣᠳᠣᠵᠤ ᠂ ᠠᠷᠠᠳ ᠤᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠬᠤ  ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠤᠷᠢᠳ ᠢᠶᠠᠷ ᠲᠤᠬᠢᠷᠠᠭᠤᠯᠬᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠤᠷᠢᠳ ᠢᠶᠠᠷ ᠲᠤᠬᠢᠷᠠᠭᠤᠯᠬᠤ᠂ ᠠᠷᠠᠳ ᠤᠨ ᠠᠮᠢᠳᠤᠷᠠᠯ ᠤᠨ ᠦᠢᠯᠡᠰ ᠢ ᠤᠷᠢᠳ ᠢᠶᠠᠷ ᠬᠥᠭᠵᠢᠭᠦᠯᠬᠦ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠳᠡᠮᠵᠢᠨ᠎ᠡ᠃ 2024 ᠣᠨ ᠳᠤ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠵᠠᠷᠤᠯᠭ᠎ᠠ ᠶᠢᠨ ᠪᠡᠯᠡ ᠮᠥᠩᠭᠦ ᠶᠢ ᠲᠥᠰᠥᠪ ᠲᠤ 56.286 ᠲᠦᠮᠡᠨ ᠲᠥᠭᠦᠷᠢᠭ ᠣᠷᠣᠭᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号