| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠬᠥᠳᠡᠭᠡ ᠲᠣᠰᠬᠤᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠣᠬᠠᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠠᠮᠤ | ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ | ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠥᠷᠨᠢᠭᠦᠯᠦᠭᠰᠡᠨ | 2024 ᠣᠨ ᠤ ᠲᠠᠷᠢᠶᠠᠯᠠᠩ ᠤᠨ ᠭᠤᠤᠯᠯᠠᠬᠤ ᠡᠭᠦᠯᠳᠡᠷ ᠤᠨ ᠭᠤᠤᠯ ᠮᠡᠷᠭᠡᠵᠢᠯ ᠢ ᠰᠣᠩᠭᠤᠨ ᠲᠠᠨᠢᠯᠴᠠᠭᠤᠯᠬᠤ | ᠠᠵᠢᠯ ᠤᠨ ᠳᠤᠮᠳᠠ᠂ ᠠᠣᠬᠠᠨ ᠬᠤᠰᠢᠭᠤᠨ ᠤ ᠨᠠᠷᠢᠮᠤ ᠶᠢᠨ ᠲᠠᠷᠢᠬᠤ ᠳᠤ ᠳᠦᠭᠦᠮ ᠂ ᠥᠪᠡᠷ ᠤᠨ ᠦᠷᠲᠡᠭ ᠪᠠᠭ᠎ᠠ ᠂ | ᠦᠷ᠎ᠡ ᠠᠰᠢᠭ ᠦᠨᠳᠦᠷ ᠳᠠᠷᠢᠵᠤ ᠪᠤᠶᠢᠵᠢᠭᠤᠯᠬᠤ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠨᠢ ᠬᠢᠨᠠᠨ | ᠰᠢᠯᠭᠠᠷᠠᠭᠤᠯᠤᠯᠲᠠ ᠳᠤ ᠬᠢᠷᠢ ᠲᠡᠩᠴᠡᠵᠦ᠂ 2024 ᠣᠨ ᠤ ᠥᠪᠡᠷᠲᠡᠭᠡᠨ ᠵᠠᠰᠠᠬᠤ ᠣᠷᠣᠨ ᠤ ᠭᠤᠤᠯ | ᠮᠡᠷᠭᠡᠵᠢᠯ ᠢᠶᠠᠷ ᠵᠢᠭᠰᠠᠭᠠᠭᠳᠠᠪᠠ᠃ | ᠠᠤᠬᠠᠨ ᠬᠤᠰᠢᠭᠤ ᠪᠣᠯ ᠬᠠᠭᠤᠷᠠᠶ ᠪᠠᠷ ᠳᠠᠷᠢᠵᠤ ᠪᠣᠷᠣᠭᠠᠨ ᠢᠶᠠᠷ ᠠᠷᠠᠴᠢᠯᠠᠬᠤ ᠨᠡᠶᠢᠲᠡᠯᠢᠭ ᠲᠠᠷᠢᠶᠠᠯᠠᠩ ᠤᠨ | ᠣᠷᠣᠨ ᠪᠠᠶᠢᠵᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠴᠢᠨᠠᠷ ᠰᠠᠶᠢᠲᠠᠢ ᠨᠠᠷᠢᠮᠤ ᠶᠢᠨ ᠥᠰᠥᠯᠲᠡ ᠳᠤ ᠬᠠᠮᠤᠭ ᠤᠨ | ᠲᠣᠬᠢᠷᠠᠮᠵᠢᠲᠠᠶ ᠥᠷᠭᠡᠷᠢᠭ ᠤᠨ ᠪᠦᠰᠡ ᠪᠠᠶᠢᠵᠤ᠂ ︽ᠳᠡᠯᠡᠬᠡᠶ ᠶᠢᠨ ᠨᠠᠷᠢᠮᠤ ᠶᠢᠨ ᠨᠤᠲᠤᠭ︾ ᠭᠡᠵᠦ ᠠᠯᠳᠠᠷᠰᠢᠵᠠᠢ᠃ | ᠣᠶᠢᠷ᠎ᠠ ᠶᠢᠨ ᠵᠢᠯ ᠳᠤ᠂ ᠠᠤᠬᠠᠨ ᠬᠤᠰᠢᠭᠤ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠂ | ᠨᠠᠷᠢᠮᠤ ᠶᠢᠨ ᠤᠨᠴᠠᠯᠢᠭᠳᠤ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠲᠠᠷᠢᠶᠠᠯᠠᠩ ᠤᠨ ᠪᠦᠬᠦ ᠲᠠᠯ᠎ᠠ ᠪᠠᠷ | ᠪᠣᠬᠢᠷᠲᠤᠯ ᠦᠭᠡᠶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠲᠠᠷᠢᠵᠤ ᠪᠤᠶᠢᠵᠢᠭᠤᠯᠬᠤ ᠮᠡᠷᠭᠡᠵᠢᠯ ᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠠᠷᠢᠮᠤ ᠶᠢᠨ ᠲᠠᠷᠢᠬᠤ ᠳᠤ ᠳᠦᠭᠦᠮ ᠂ ᠥᠪᠡᠷ ᠤᠨ ᠦᠷᠲᠡᠭ ᠪᠠᠭ᠎ᠠ ᠂ | ᠦᠷ᠎ᠡ ᠠᠰᠢᠭ ᠦᠨᠳᠦᠷ ᠪᠤᠶᠢᠵᠢᠭᠤᠯᠬᠤ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠢ ᠳ᠋ᠦᠩᠨᠡᠨ ᠭᠠᠷᠭᠠᠵᠤ᠂ | ᠨᠠᠷᠢᠮᠤ ᠶᠢᠨ ᠲᠠᠷᠢᠬᠤ ᠶᠠᠪᠤᠴᠠ ᠶᠢ ᠲᠦᠭᠦᠮᠴᠢᠯᠡᠵᠦ᠂ ᠨᠠᠷᠢᠮᠤ ᠶᠢᠨ ᠡᠪᠡᠰᠦ ᠡᠰᠡᠷᠭᠦᠴᠡᠬᠦ ᠲᠦᠷᠦᠯ ᠵᠦᠢᠯ ᠢ | ᠰᠢᠯᠢᠳᠡᠭᠵᠢᠭᠦᠯᠬᠦ᠂ ᠨᠠᠷᠢᠮᠤ ᠶᠢ ᠬᠠᠳᠤᠵᠤ ᠬᠤᠷᠢᠶᠠᠬᠤ ᠪᠦᠬᠦ ᠶᠠᠪᠤᠴᠠ ᠶᠢ ᠮᠧᠬᠠᠨᠢᠭᠵᠢᠭᠤᠯᠤᠨ ᠠᠵᠢᠯᠯᠠᠭᠤᠯᠬᠤ ᠶᠢᠨ | ᠬᠠᠮᠲᠤ ᠤᠰᠤ ᠪᠤᠷᠳᠤᠭᠤᠷ ᠢ ᠨᠢᠭᠡ ᠴᠤᠭᠴᠠᠵᠢᠭᠤᠯᠤᠨ ᠨᠠᠷᠢᠯᠢᠭ ᠣᠨᠣᠴᠠᠲᠠᠢ ᠪᠠᠷ ᠲᠤᠬᠢᠷᠠᠭᠤᠯᠤᠨ ᠡᠵᠡᠮᠳᠡᠬᠦ | ᠮᠡᠷᠭᠡᠵᠢᠯ᠂ ᠪᠣᠬᠢᠷᠲᠤᠯ ᠦᠭᠡᠢ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠮᠡᠷᠭᠡᠵᠢᠯ᠂ ᠦᠯᠡᠳᠡᠭᠳᠡᠯ ᠪᠦᠷᠬᠦᠪᠴᠢ ᠶᠢ | ᠮᠠᠰᠢᠨ ᠢᠶᠠᠷ ᠠᠷᠢᠯᠭᠠᠬᠤ ᠵᠡᠷᠭᠡ ᠠᠵᠢᠯ ᠢ ᠢᠵᠢ ᠪᠦᠷᠢᠳᠦᠭᠦᠯᠵᠦ᠂ ᠨᠠᠷᠢᠮᠤ ᠶᠢ ᠶᠡᠭᠡ ᠪᠠᠷ ᠬᠡᠪᠴᠢᠶᠡᠵᠢᠭᠦᠯᠦᠨ | ᠲᠠᠷᠢᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠪᠠ᠃ ᠣᠳᠣᠬᠠᠨ ᠳᠤ᠂ ᠠᠤᠬᠠᠨ ᠬᠤᠰᠢᠭᠤᠨ ᠤ ᠨᠠᠷᠢᠮᠤ ᠳᠠᠷᠢᠬᠤ ᠲᠠᠯᠠᠪᠠᠶ ᠨᠢᠭᠡᠨᠲᠡ 100 ᠲᠦᠮᠡᠨ ᠮᠥ ᠶᠢ | ᠳᠠᠪᠠᠵᠤ᠂ ᠵᠠᠭᠤᠨ ᠮᠥ᠂ ᠮᠢᠩᠭᠠᠨ ᠮᠥ ᠳᠠᠷᠢᠬᠤ ᠲᠣᠮᠣ ᠡᠷᠦᠬᠡ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ | ᠲᠠᠯᠠᠪᠠᠶ ᠵᠡᠷᠭᠡ ᠲᠠᠷᠢᠶᠠᠯᠠᠩ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠣᠯᠠᠨ ᠭᠠᠷᠴᠤ ᠪᠠᠶᠢᠨ᠎ᠠ᠃ | | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠪᠠ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠬᠡᠷᠡᠭᠴᠡᠭᠡ ᠲᠠᠢ ᠪᠠᠨ ᠤᠶᠠᠯᠳᠤᠭᠤᠯᠤᠨ᠂ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠳᠤ ᠲᠦᠰᠢᠭᠯᠡᠨ ᠰᠢᠨ᠎ᠡ | ᠲᠥᠷᠥᠯ ᠵᠦᠢᠯ᠂ ᠰᠢᠨ᠎ᠡ ᠮᠡᠷᠭᠡᠵᠢᠯ ᠢᠶᠠᠨ ᠦᠷᠭᠦᠯᠵᠢᠯᠡᠨ ᠲᠠᠨᠢᠯᠴᠠᠭᠤᠯᠵᠤ᠂ ᠪᠥᠬᠦ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | |