ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠨᠢ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ  ᠨᠢᠭᠡᠴᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ
ᠨᠡᠶᠢᠲᠡᠯᠡᠭᠰᠡᠨ ᠴᠠᠭ᠄
2024/2/28
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠬᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠪᠠ ᠪᠣᠯᠪᠠᠰᠤᠨ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠢ ᠨᠡᠷᠡᠶᠢᠳᠦᠨ ᠬᠥᠬᠢᠭᠦᠯᠬᠦ ᠲᠤᠬᠠᠶ ᠲᠣᠭᠲᠠᠭᠠᠯ︾ ᠢ ᠦᠨᠳᠦᠰᠦᠯᠡᠨ᠂ ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠨᠢ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃    ᠣᠶᠢᠷ᠎ᠠ ᠶᠢᠨ ᠵᠢᠯ ᠳᠤ᠂ ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠨᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠠᠵᠢᠯ ᠤᠨ ᠪᠣᠳᠠᠲᠤ ᠪᠠᠶᠢᠳᠠᠯ ᠪᠣᠯᠤᠨ ᠮᠥᠩᠭᠦᠨ ᠭᠦᠢᠯᠭᠡᠭᠡᠨ ᠤ ᠠᠵᠢᠯ ᠲᠦᠷᠦᠯ ᠤᠨ ᠣᠨᠴᠠᠯᠢᠭ ᠲᠠᠢ ᠳᠠᠪᠠᠭᠤᠯᠢᠭ ᠲᠤ ᠰᠠᠭᠤᠷᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠪᠣᠯᠪᠠᠰᠤᠨ ᠤ ᠬᠥᠮᠦᠵᠢᠯ ᠤᠨ ᠦᠢᠯᠡᠳᠦᠯᠭᠡ ᠶᠢ ᠭᠦᠨᠵᠡᠭᠡᠶᠢᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ  ᠳᠡᠭᠡᠭᠰᠢᠯᠡᠭᠦᠯᠦᠨ᠎ᠡ᠃ ᠪᠦᠬᠦ ᠪᠠᠩᠬᠢ ᠳᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠤᠨ᠂ ᠠᠵᠢᠯᠳᠠᠨ ᠠᠵᠢᠯᠴᠢᠨ ᠤ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠪᠠ᠃ ︽ᠦᠨᠡᠨᠬᠦ ᠠᠳᠬᠤᠨ ᠪᠣᠳᠠᠲᠠᠢ ᠠᠵᠢᠯᠯᠠᠵᠤ᠂ ᠣᠮᠤᠭ ᠲᠡᠭᠦᠯᠳᠡᠷ ᠢᠶᠠᠷ ᠥᠭᠡᠳᠡᠯᠡᠨ ᠲᠠᠪᠰᠢᠬᠤ︾ ᠲᠡᠮᠡᠴᠡᠯ ᠤᠨ ᠳᠦᠷᠰᠦ ᠪᠠᠶᠢᠳᠠᠯ ᠢᠶᠠᠷ ︽ᠬᠤᠰᠢᠭᠤᠨ ᠤ ᠲᠡᠰ ᠤᠨ ᠪᠣᠯᠪᠠᠰᠤᠨ  ᠨᠢᠭᠡᠴᠢ︾ ᠠᠴᠠ ︽ᠬᠤᠳᠠ ᠶᠢᠨ ᠲᠡᠰ ᠤᠨ ᠪᠣᠯᠪᠠᠰᠤᠨ  ᠨᠢᠭᠡᠴᠢ︾ ᠬᠦᠷᠲᠡᠯ᠎ᠡ᠂ ᠳᠠᠬᠢᠭᠠᠳ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ  ᠨᠢᠭᠡᠴᠢ︾ ᠲᠡᠰᠢ ᠲᠦᠷᠭᠡᠨ ᠲᠠᠪᠰᠢᠬᠤ ᠶᠢ ᠪᠡᠶᠡᠯᠡᠭᠦᠯᠵᠡᠢ᠃    ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠥᠩᠭᠡᠷᠡᠭᠰᠡᠨ ᠤ ᠨᠠᠨᠳᠢᠨ ᠲᠤᠷᠰᠢᠯᠭ᠎ᠠ ᠪᠠᠨ ᠦᠷᠭᠦᠯᠵᠢᠯᠡᠨ ᠳ᠋ᠦᠩᠨᠡᠵᠦ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠬᠢᠵᠢᠭᠦᠯᠵᠦ᠂ ᠥᠷᠭᠡᠳᠬᠡᠵᠦ᠂ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠰᠢᠨ᠎ᠡ ᠶᠢ ᠡᠭᠦᠳᠬᠦ ᠣᠶᠢᠯᠠᠭᠠᠭᠳᠠᠬᠤᠨ᠂ ᠬᠠᠷᠢᠭᠤᠴᠠᠯᠭ᠎ᠠ ᠡᠭᠦᠷᠭᠡᠯᠡᠬᠦ ᠰᠥᠰᠥ ᠵᠣᠷᠢᠭ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号