︽ᠡᠷᠡᠭᠦᠯᠵᠢᠯ ᠢ ᠲᠤᠰᠠᠯᠠᠬᠤ ᠢᠨᠵᠧᠨᠧᠷᠢᠩ︾ ᠨᠢ ᠠᠤᠬᠠᠨ ᠬᠤᠰᠢᠭᠤᠨ ᠤ 679 ᠵᠡᠮᠳᠡᠭ ᠬᠦᠮᠦᠰ ᠲᠤ  ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/2/28
    ᠣᠶᠢᠷ᠎ᠠ ᠳᠤ᠂ ᠥᠪᠥᠷ ᠮᠣᠩᠭᠤᠯ ᠤᠨ ︽ᠡᠷᠡᠬᠦᠯᠵᠢᠯ ᠢ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠤᠨ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠠᠵᠢᠯᠲᠠᠨ ᠠᠤᠬᠠᠨ ᠬᠤᠰᠢᠭᠤᠨ ᠳᠤ ᠢᠷᠡᠵᠦ ᠬᠡᠷ ᠡᠷᠦᠬᠡ ᠳᠤ ᠣᠷᠣᠵᠤ ᠡᠷᠡᠭᠦᠯ ᠮᠡᠨᠳᠦ ᠶᠢ ᠬᠠᠮᠠᠭᠠᠯᠠᠬᠤ ᠢᠨᠵᠧᠨᠧᠷᠢᠩ ᠢ ᠰᠢᠯᠭᠠᠨ ᠠᠪᠴᠤ ᠬᠡᠷᠡᠭᠵᠢᠬᠦᠯᠵᠦ ᠪᠠᠶᠢᠭ᠎ᠠ ᠪᠠᠶᠢᠳᠠᠯ ᠢ ᠰᠢᠯᠭᠠᠨ ᠦᠨᠡᠯᠡᠵᠦ᠂ ᠲᠤᠰᠠᠯᠠᠮᠵᠢ ᠭᠥᠷᠳᠡᠬᠦ ᠡᠲᠡᠭᠡᠳ ᠤᠨ ᠬᠢᠮᠡᠯ ᠮᠥᠴᠢ ᠶᠢ ᠬᠡᠷᠡᠭᠯᠡᠵᠦ ᠪᠠᠶᠢᠭ᠎ᠠ ᠪᠠᠶᠢᠳᠠᠯ ᠢ ᠦᠨᠡᠯᠡᠨ ᠵᠢᠱᠢᠵᠦ᠂ ᠲᠤᠰᠠᠯᠠᠮᠵᠢ ᠭᠥᠷᠳᠡᠭᠰᠡᠨ ᠵᠡᠮᠳᠡᠭᠴᠦᠳ ᠲᠤ ᠨᠠᠩ ᠬᠦᠴᠦᠲᠡᠶ ᠪᠠᠲᠤᠯᠠᠭ᠎ᠠ ᠬᠠᠩᠭᠠᠪᠠ᠃    ︽ᠡᠷᠡᠭᠦᠯᠵᠢᠯ ᠢ ᠲᠤᠰᠠᠯᠠᠬᠤ ᠢᠨᠵᠧᠨᠧᠷᠢᠩ︾ ᠤᠨ ᠵᠡᠮᠳᠡᠭᠴᠦᠳ ᠢ ᠲᠤᠰᠠᠯᠠᠬᠤ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠠᠤᠬᠠᠨ ᠬᠤᠰᠢᠭᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠳᠣᠤᠷ᠎ᠠ ᠣᠷᠣᠯᠭ᠎ᠠ ᠲᠠᠢ ᠬᠡᠷ ᠪᠦᠯᠢ ᠶᠢᠨ ᠳᠣᠲᠣᠷᠠᠬᠢ ᠵᠡᠮᠳᠡᠭᠴᠦᠳ ᠢ ᠤᠶᠢᠯᠠᠭᠠᠨ ᠵᠢᠭᠰᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠦᠴᠢᠷᠳᠡᠯᠲᠡᠶ ᠵᠡᠮᠳᠡᠭᠴᠦᠳ ᠲᠤ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠭᠰᠠᠷᠠᠵᠤ᠂ ᠵᠡᠮᠳᠡᠭᠴᠦᠳ ᠤᠨ ᠣᠷᠣᠰᠢᠨ ᠠᠮᠢᠳᠤᠷᠠᠬᠤ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠪᠠ᠃ ᠬᠡᠳᠦᠨ ᠵᠢᠯ ᠤᠨ ᠲᠤᠷᠰᠢ ᠂ ᠠᠤᠬᠠᠨ ᠬᠤᠰᠢᠭᠤᠨ ᠤ 3436 ᠨᠡᠷᠡᠰ ᠢ ᠰᠢᠭᠰᠢᠨ ᠪᠠᠶᠢᠴᠠᠭᠠᠯᠲᠠ ᠬᠢᠵᠦ᠂ ᠡᠭᠦᠨ ᠳᠤ 679 ᠬᠦᠮᠦᠰ ᠲᠤ ᠠᠰᠢᠭ ᠭᠥᠷᠳᠡᠭᠰᠡᠨ ᠪᠠᠶᠢᠨ᠎ᠠ᠃ 2023 ᠣᠨ ᠳᠤ   ᠰᠢᠭᠰᠢᠨ ᠪᠠᠶᠢᠴᠠᠭᠠᠬᠤ ᠪᠠᠷ ᠳᠡᠮᠵᠢᠨ᠂ 13 ᠬᠦᠮᠦᠰ ᠲᠤ ᠬᠢᠮᠡᠯ ᠮᠥᠴᠢ ᠤᠭᠰᠠᠷᠠᠵᠤ᠂ 85 ᠬᠦᠷᠳᠦᠲᠦ ᠰᠠᠨᠳᠠᠯᠢ ᠶᠢ ᠲᠠᠷᠬᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号